ᠲᠣᠮᠢᠯᠠᠭᠰᠠᠨ ᠰᠠᠯᠪᠤᠷᠢ ᠶᠢᠨ ᠬᠠᠮᠢᠶᠠᠷᠤᠯᠳᠠ ᠶᠢᠨ ᠣᠷᠣᠨ ᠢ ᠳᠠᠬᠢᠨ ᠬᠤᠪᠢᠶᠠᠷᠢᠯᠠᠭᠰᠠᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2023/6/16
ᠨᠡᠶᠢᠭᠡᠮ ᠤᠨ ᠡᠯ᠎ᠡ ᠡᠲᠡᠭᠡᠳ ᠤᠨ ᠬᠦᠮᠦᠰ᠂ ᠥᠷᠭᠡᠨ ᠣᠯᠠᠨ ᠰᠠᠭᠤᠭᠠᠯᠢ ᠠᠷᠠᠳ ᠲᠤ᠄     ᠪᠤᠤᠴᠠᠩ ᠪᠠᠯᠭᠠᠰᠤᠨ ᠤ ᠬᠠᠷᠢᠶ᠎ᠠ ᠤᠷᠤᠨ ᠤ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ  ᠢ ᠤᠯᠠᠮ ᠴᠢᠩᠭᠠᠳᠬᠠᠵᠤ᠂ ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂  ᠪᠤᠤᠴᠠᠩ ᠪᠠᠯᠭᠠᠰᠤᠨ ᠤ ᠤᠤᠯ ᠤᠨ 3 ᠲᠣᠮᠢᠯᠠᠭᠰᠠᠨ ᠰᠠᠯᠪᠤᠷᠢ ᠶᠢ ᠨᠡᠶᠢᠯᠡᠬᠦᠯᠵᠦ 2 ᠰᠠᠯᠪᠤᠷᠢ  ᠪᠤᠯᠭᠠᠭᠰᠠᠨ ᠪᠠᠶᠢᠨ᠎ᠠ ︵ᠰᠢᠨ ᠴᠧᠩ ᠲᠣᠮᠢᠯᠠᠭᠰᠠᠨ ᠰᠠᠯᠪᠤᠷᠢ ᠶᠢ ᠬᠠᠰᠤᠪᠠ︶  ᠃ ᠡᠳᠦᠬᠡ ᠤᠤᠯ ᠤᠨ ᠰᠢᠨ ᠴᠧᠩ ᠰᠠᠯᠪᠤᠷᠢ ᠶᠢᠨ ᠬᠠᠮᠢᠶᠠᠷᠤᠯᠲᠠ ᠶᠢᠨ ᠤᠷᠤᠨ ᠢ ᠲᠠᠬᠢᠵᠤ ᠬᠤᠪᠢᠶᠠᠷᠢᠯᠠᠭᠰᠠᠨ ᠪᠠᠶᠢᠳᠠᠯ ᠤᠨ ᠳᠣᠣᠷᠠᠬᠢ ᠮᠡᠲᠦ ᠮᠡᠳᠡᠭᠳᠡᠰᠦᠬᠡᠢ᠄    1. ᠤᠤᠯ ᠤᠨ ᠰᠢᠨ ᠴᠧᠩ ᠲᠣᠮᠢᠯᠠᠭᠰᠠᠨ ᠰᠠᠯᠪᠤᠷᠢ ᠶᠢᠨ ᠬᠠᠮᠢᠶᠠᠷᠴᠤ ᠪᠠᠶᠢᠭᠰᠠᠨ  ᠶᠢᠦ ᠢ ᠲᠣᠰᠬᠤᠨ᠂ ᠲᠤᠸᠠᠨ ᠵᠢᠶᠧ ᠲᠣᠰᠬᠤᠨ᠂ ᠦ᠋ ᠹᠦ᠋ ᠲᠣᠰᠬᠤᠨ᠂ ᠱᠧᠩ ᠯᠢ ᠲᠣᠰᠬᠤᠨ᠂ ᠹᠦ᠋ ᠰᠢᠩ ᠲᠣᠰᠬᠤᠨ᠂ ᠹᠠᠨ ᠮᠣᠣ ᠲᠣᠰᠬᠤᠨ᠂ ᠰᠢᠶᠠᠩ ᠶᠠᠩ ᠲᠣᠰᠬᠤᠨ᠂  ᠱᠤ᠋ ᠭᠤᠸᠠᠩ ᠲᠣᠰᠬᠤᠨ᠂ ᠦ᠋ ᠵᠢᠩ ᠲᠣᠰᠬᠤᠨ᠂  ᠬᠤᠩ ᠳ᠋ᠠ ᠲᠣᠰᠬᠤᠨ ᠵᠢᠴᠢ ᠰᠢ ᠵᠢᠶᠤᠤ ᠰᠠᠭᠤᠭᠠᠯᠢ ᠠᠷᠠᠳ ᠤᠨ ᠵᠥᠪᠯᠡᠯ ᠤᠨ ᠰᠢ ᠵᠢᠶᠤᠤ ᠭᠠᠵᠠᠷ ᠰᠢᠨᠵᠢᠯᠡᠭᠡᠨ ᠤ ᠠᠩᠬᠢ ᠶᠢᠨ ᠠᠶᠢᠯ ᠡᠷᠦᠬᠡ   ᠶᠢ ᠪᠤᠤᠴᠠᠩ ᠤᠨ ᠨᠢᠭᠡᠳᠦᠭᠡᠷ ᠲᠣᠮᠢᠯᠠᠭᠰᠠᠨ ᠰᠠᠯᠪᠤᠷᠢ ︵ᠤᠤᠯ ᠤᠨ ᠴᠠᠩ ᠴᠢᠩ ᠰᠠᠯᠪᠤᠷᠢ︶ ᠠᠴᠠ ᠬᠠᠮᠢᠶᠠᠷᠤᠨ᠎ᠠ᠃    2. ᠤᠤᠯ ᠤᠨ ᠰᠢᠨ ᠴᠧᠩ ᠲᠣᠮᠢᠯᠠᠭᠰᠠᠨ ᠰᠠᠯᠪᠤᠷᠢ ᠶᠢᠨ ᠬᠠᠮᠢᠶᠠᠷᠴᠤ ᠪᠠᠶᠢᠭᠰᠠᠨ ᠬᠤᠩ ᠱᠧᠩ ᠲᠣᠰᠬᠤᠨ᠂ ᠪᠦᠦ ᠱᠧᠩ ᠲᠣᠰᠬᠤᠨ᠂ ᠪᠢᠶᠠᠨ ᠴᠢᠶᠠᠩ ᠲᠣᠰᠬᠤᠨ᠂ ᠳ᠋ᠦᠩ ᠬᠤᠩ ᠲᠣᠰᠬᠤᠨ᠂ ᠬᠤᠸᠠᠩ ᠲᠤ ᠺᠧᠩ ᠲᠣᠰᠬᠤᠨ᠂ ᠳ᠋ᠠ ᠱᠠᠨ ᠭᠧᠦ ᠲᠣᠰᠬᠤᠨ᠂ ᠳ᠋ᠢ ᠹᠠᠩ ᠽᠢ ᠲᠣᠰᠬᠤᠨ ᠵᠢᠴᠢ ᠪᠦᠦ ᠹᠧᠩ ᠰᠠᠭᠤᠭᠠᠯᠢ ᠠᠷᠠᠳ ᠤᠨ ᠵᠥᠪᠯᠡᠯ ᠤᠨ ᠡᠮᠦᠨ᠎ᠡ ᠭᠠᠵᠠᠷ ᠰᠢᠨᠵᠢᠯᠡᠭᠡᠨ ᠤ  ᠠᠩᠬᠢ ᠶᠢᠨ ᠠᠶᠢᠯ ᠡᠷᠦᠬᠡ ᠶᠢ ᠪᠤᠤᠴᠠᠩ ᠤᠨ ᠬᠤᠶᠠᠳᠤᠭᠠᠷ ᠲᠣᠮᠢᠯᠠᠭᠰᠠᠨ ᠰᠠᠯᠪᠤᠷᠢ ︵ᠤᠤᠯ ᠤᠨ  ᠰᠢᠨ ᠬᠤᠸᠠ ᠰᠠᠯᠪᠤᠷᠢ︶ ᠠᠴᠠ ᠬᠠᠮᠢᠶᠠᠷᠤᠨ᠎ᠠ᠃    ᠲᠠᠬᠢᠵᠤ ᠬᠤᠪᠢᠶᠠᠷᠢᠯᠠᠭᠰᠠᠨ ᠡᠬᠢᠨ ᠤ ᠬᠤᠭᠤᠴᠠᠭᠠᠨ ᠳᠤ ᠬᠠᠶᠠ ᠪᠠᠰᠠ ᠳᠥᠭᠦᠮ ᠪᠤᠰᠤ ᠪᠠᠶᠢᠳᠠᠯ ᠡᠬᠦᠰᠴᠦ ᠮᠡᠳᠡᠨ᠎ᠡ᠂  ᠥᠷᠭᠡᠨ ᠤᠯᠠᠨ ᠰᠠᠭᠤᠭᠠᠯᠢ ᠠᠷᠠᠳ ᠣᠶᠢᠯᠠᠭᠠᠬᠤ ᠪᠣᠯᠪᠠᠤ᠃ ᠡᠭᠦᠨ ᠤ ᠬᠠᠮᠲᠤ  ᠂ ᠥᠷᠭᠡᠨ ᠤᠯᠠᠨ  ᠰᠠᠭᠤᠭᠠᠯᠢ ᠠᠷᠠᠳ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠣᠮᠢᠯᠠᠭᠰᠠᠨ ᠰᠠᠯᠪᠤᠷᠢ ᠶᠢᠨ ᠠᠵᠢᠯ ᠳᠤ ᠬᠢᠨᠠᠯᠲᠠ ᠲᠠᠯᠪᠢᠵᠤ ᠦᠨᠡᠯᠡᠯᠲᠡ ᠦᠭᠬᠦ ᠶᠢ ᠪᠠᠶᠠᠷᠯᠠᠨ ᠤᠭᠳᠤᠵᠤ ᠪᠠᠶᠢᠨ᠎ᠠ᠃      ᠬᠠᠷᠢᠯᠴᠠᠬᠤ ᠤᠲᠠᠰᠤ᠄       ᠪᠤᠤᠴᠠᠩ ᠤᠨ ᠨᠢᠭᠡᠳᠦᠭᠡᠷ ᠲᠣᠮᠢᠯᠠᠭᠰᠠᠨ ᠰᠠᠯᠪᠤᠷᠢ 0479 ︱ 5222655                 ᠪᠤᠤᠴᠠᠩ ᠤᠨ ᠬᠤᠶᠠᠳᠤᠭᠠᠷ ᠲᠣᠮᠢᠯᠠᠭᠰᠠᠨ ᠰᠠᠯᠪᠤᠷᠢ 0479 ︱ 5222155                    ᠡᠭᠦᠨ ᠤ ᠲᠤᠯᠠ ᠣᠨᠴᠠᠭᠠᠶᠢᠯᠠᠨ ᠵᠠᠷᠯᠠᠪᠠ                              ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                       2023 ᠣᠨ ᠤ 6 ᠰᠠᠷ᠎ᠠ ᠶᠢᠨ 15 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号