5 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ | ᠴᠧᠨ ᠶᠠᠨ ᠪᠦᠦ ᠪᠤᠤᠴᠠᠩ ᠭᠤᠣᠯ ᠳᠤ ᠬᠦᠨᠵᠡᠬᠡᠶᠢᠷᠡᠵᠦ ᠲᠣᠭᠤᠷᠢᠨ ᠴᠠᠭᠳᠠᠬᠤ ᠠᠵᠢᠯ ᠥᠷᠨᠢᠭᠦᠯᠪᠡ᠃ ᠴᠧᠨ ᠶᠠᠨ | ᠪᠦᠦ ᠂ ᠨᠠᠭᠤᠷ ᠭᠤᠤᠯ ᠤᠨ ᠬᠠᠮᠠᠭᠠᠯᠠᠯᠳᠠ ᠪᠠ ᠵᠠᠰᠠᠯᠳᠠ ᠶᠢᠨ ᠬᠠᠷᠢᠭᠤᠴᠠᠯᠭ᠎ᠠ ᠶᠢ ᠦᠨᠡᠨᠬᠦ ᠡᠬᠦᠷᠭᠡᠯᠡᠨ᠂ ᠨᠠᠭᠤᠷ | ᠭᠤᠣᠯ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠳᠠ ᠶᠢ ᠦᠷᠭᠦᠯᠵᠢᠯᠡᠨ ᠴᠢᠩᠭᠠᠳᠬᠠᠵᠤ᠂ ᠨᠠᠭᠤᠷ ᠭᠤᠣᠯ | ᠤᠨ ᠰᠠᠭᠠᠳ ᠬᠠᠷᠰᠢ ᠶᠢ ᠠᠷᠢᠯᠭᠠᠬᠤ᠂ ᠠᠷᠢᠭᠤᠨ ᠴᠡᠪᠡᠷ ᠢ ᠬᠠᠮᠠᠭᠠᠯᠠᠬᠤ ᠵᠡᠷᠭᠡ ᠡᠳᠦᠷ ᠲᠤᠳᠤᠮ ᠤᠨ ᠬᠠᠮᠢᠶᠠᠷᠤᠯᠳᠠ | ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯ ᠳᠠᠭᠠᠤ ᠳᠠᠬᠢ ᠰᠠᠭᠤᠷᠢ ᠲᠥᠬᠦᠭᠡᠷᠦᠮᠵᠢ ᠶᠢᠨ | ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠭᠤᠷ ᠭᠤᠤᠯ ᠤᠨ ᠬᠠᠵᠠᠭᠤ ᠬᠠᠪᠢ ᠳᠠᠬᠢ | ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠵᠤ᠂ | ᠤᠯᠠᠨ ᠲᠦᠮᠡᠨ ᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳᠠ ᠶᠢᠨ ᠤᠬᠠᠮᠰᠠᠷ ᠢ ᠨᠡᠮᠡᠭᠳᠡᠬᠦᠯᠬᠦ ᠬᠡᠷᠡᠭᠲᠡᠢ᠃ | ᠬᠠᠮᠢᠶ᠎ᠠ ᠪᠦᠬᠦᠢ ᠰᠠᠯᠠᠭ᠎ᠠ ᠮᠥᠴᠢᠷ ᠨᠢ ᠨᠠᠭᠤᠷ ᠭᠤᠣᠯ ᠤᠨ ᠡᠷᠬᠢᠨ ᠲᠣᠭᠤᠷᠢᠨ ᠤ ᠬᠤᠭ ᠨᠣᠪᠰᠢ ᠶᠢ ᠴᠡᠪᠡᠷᠯᠡᠨ | ᠬᠠᠶᠠᠬᠤ ᠪᠠ ᠭᠤᠣᠯ ᠤᠨ ᠤᠷᠤᠰᠬᠠᠯ ᠢ ᠨᠡᠪᠲᠡᠷᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠦᠶᠡᠷ ᠤᠨ | ᠬᠤᠭᠤᠴᠠᠭ᠎ᠠ ᠤᠳᠠᠯ ᠦᠭᠡᠢ ᠬᠦᠷᠴᠦ ᠢᠷᠡᠬᠦ ᠪᠣᠯᠬᠤᠷ᠂ ᠠᠷᠭ᠎ᠠ ᠲᠤᠷᠰᠢᠯᠭ᠎ᠠ ᠪᠠᠨ ᠳ᠋ᠦᠩᠨᠡᠵᠦ᠂ ᠰᠠᠯᠠᠭ᠎ᠠ | ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ ᠂ ᠬᠦᠴᠦᠷᠬᠡᠭ ᠶᠡᠭᠡ ᠬᠠᠮᠳᠤᠷᠠᠯ ᠤᠨ ᠬᠦᠴᠦᠨ ᠢ ᠪᠦᠷᠢᠯᠳᠦᠭᠦᠯᠵᠦ᠂ | ᠴᠠᠭ ᠠᠭᠤᠷ ᠤᠨ ᠬᠤᠪᠢᠷᠠᠯᠳᠠ᠂ ᠬᠤᠷ᠎ᠠ ᠤᠰᠤᠨ ᠤ ᠪᠠᠶᠢᠳᠠᠯ ᠢ ᠴᠠᠭ ᠢᠮᠠᠭᠲᠠ ᠠᠩᠬᠠᠷᠤᠨ᠂ ᠡᠯ᠎ᠡ ᠲᠦᠷᠦᠯ ᠤᠨ | ᠤᠷᠢᠳᠴᠢᠯᠠᠨ ᠰᠡᠷᠭᠡᠶᠢᠯᠡᠬᠦ ᠠᠵᠢᠯ ᠢ ᠡᠷᠳᠡ ᠠᠴᠠ ᠰᠠᠶᠢᠨ ᠬᠢᠵᠦ᠂ ︽ᠭᠡᠷᠰᠡᠦ ᠠᠴᠠ ᠬᠡᠮ ᠭᠠᠷᠬᠤ ᠦᠬᠡᠢ | ᠪᠠᠶᠢᠬᠤ︾ ᠶᠢ ᠪᠠᠳᠤᠯᠠᠬᠤ ᠭᠡᠷᠡᠭᠳᠡᠢ᠃ ᠭᠤᠣᠯᠳᠠᠯᠭ᠎ᠠ ᠲᠠᠢ ᠤᠰᠤᠨ ᠣᠷᠣᠨ ᠢ ᠲᠣᠭᠤᠷᠢᠨ ᠪᠠᠶᠢᠴᠠᠭᠠᠬᠤ ᠠᠵᠢᠯ ᠤᠨ | ᠡᠷᠴᠢᠮ ᠢ ᠴᠢᠩᠭᠠᠷᠠᠭᠤᠯᠵᠤ᠂ ᠲᠣᠭᠤᠷᠢᠨ ᠪᠠᠶᠢᠴᠠᠭᠠᠬᠤ ᠤᠳᠠᠭ᠎ᠠ ᠲᠠᠷᠠᠭ᠎ᠠ ᠪᠠᠨ ᠨᠡᠮᠡᠭᠳᠡᠬᠦᠯᠦᠨ᠂ | ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ | ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠪᠤᠤᠴᠠᠩ ᠪᠠᠯᠭᠠᠰᠤ᠂ | ᠤᠰᠤᠨ ᠠᠰᠢᠭᠯᠠᠯᠲᠠ ᠶᠢᠨ ᠲᠤᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ | ᠶᠢᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠭᠤᠣᠯ ᠴᠠᠭᠳᠠᠬᠤ ᠠᠵᠢᠯᠯᠠᠭ᠎ᠠ ᠳᠤ ᠣᠷᠣᠯᠴᠠᠪᠠ᠃ |