ᠲᠠᠶᠢᠹᠤᠰᠧ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠮᠡᠳᠡᠯᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2023/6/2
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠢ ᠪᠠᠶᠢᠩᠭᠤᠵᠢᠭᠤᠯᠵᠤ᠂ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ  ᠲᠦᠷᠢᠮ ᠤᠨ ᠰᠤᠷᠤᠯᠴᠠᠯᠭ᠎ᠠ ᠤᠬᠠᠭᠤᠯᠭ᠎ᠠ ᠶᠢ ᠤᠯᠠᠮ ᠬᠦᠨᠵᠡᠬᠡᠶᠢᠷᠡᠬᠦᠯᠦᠨ᠂ ᠰᠤᠷᠤᠯᠴᠠᠯᠭ᠎ᠠ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠶᠢᠨ ᠲᠤᠰᠠᠳᠠ᠂ 5 ᠰᠠᠷ᠎ᠠ ᠶᠢᠨ 31 ᠤ ᠡᠳᠦᠷ ᠬᠤᠰᠢᠭᠤ ᠨᠠᠮ ᠤᠨ  ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂  ᠡᠪ ᠬᠠᠮᠳᠤ ᠵᠠᠯᠠᠭᠤᠴᠤᠳ  ᠤᠨ ᠡᠪᠯᠡᠯ ᠤᠨ ᠬᠤᠷᠢᠶ᠎ᠠ ᠬᠠᠮᠳᠤᠷᠠᠵᠤ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠳᠤᠳᠬᠠᠬᠤ ᠮᠡᠳᠡᠯᠭᠡ ᠶᠢᠨ ᠤᠷᠤᠯᠳᠤᠭᠠᠨ ᠡᠷᠬᠢᠯᠡᠵᠡᠢ᠃ ᠰᠡᠴᠡᠨᠴᠣᠭᠲᠤ᠂ ᠯᠢ ᠱᠣᠣ ᠯᠢᠨ᠂  ᠡᠷᠳᠡᠨᠢᠪᠠᠭᠠᠳᠤᠷ᠂ ᠯᠢᠦ ᠲᠢᠩ ᠰᠢᠸ ᠱᠠᠩᠨᠠᠯ ᠣᠯᠭᠤᠬᠤ ᠶᠣᠰᠣᠯᠠᠯ ᠳᠤ ᠣᠷᠣᠯᠴᠠᠪᠠ᠃  ᠤᠷᠤᠯᠳᠤᠭᠠᠨ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠭᠤᠣᠯ ᠰᠡᠳᠦᠪ ᠤᠨ ᠲᠣᠭᠤᠷᠢᠨ ᠳᠤ ᠶᠠᠪᠤᠭᠳᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ᠨᠠᠮ ᠤᠨ ᠦᠨᠳᠦᠰᠦᠲᠡᠨ ᠤ ᠤᠨᠤᠯ᠂ ᠲᠦᠷᠦ ᠶᠢᠨ ᠪᠣᠳᠣᠯᠭ᠎ᠠ ᠪᠠ ᠬᠠᠤᠯᠢ  ᠲᠦᠷᠢᠮ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠪᠠᠭᠳᠠᠭᠠᠭᠰᠠᠨ ᠪᠠᠶᠢᠨ᠎ᠠ᠃ ᠤᠷᠤᠯᠳᠤᠭᠠᠨ ᠳᠤ ᠡᠯ᠎ᠡ ᠰᠤᠮᠤ ᠰᠢᠶᠠᠩ ᠪᠠᠯᠭᠠᠰᠤ᠂ ᠡᠯ᠎ᠡ  ᠰᠠᠯᠠᠭ᠎ᠠ ᠮᠦᠴᠢᠷ ᠤᠨ 24 ᠠᠩᠭᠢ ᠨᠢᠬᠡᠴᠡ  ᠤᠷᠤᠯᠴᠠᠵᠤ᠂ ᠪᠡᠯᠡᠳᠬᠡᠯ ᠤᠷᠤᠯᠳᠤᠭᠠᠨ᠂  ᠰᠢᠢᠳᠪᠦᠷᠢᠲᠦ ᠤᠷᠤᠯᠳᠤᠭᠠᠨ   ᠤ ᠬᠤᠷᠴᠠ ᠰᠢᠷᠦᠭᠦᠨ ᠥᠷᠢᠰᠦᠯᠳᠦᠭᠡᠨ ᠢᠶᠠᠷ ᠲᠠᠮᠵᠢᠭᠠᠳ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠰᠢᠯᠭᠠᠷᠠᠭᠤᠯᠪᠠ᠃ ᠤᠷᠤᠯᠳᠤᠭᠠᠨ ᠳᠤ ᠣᠷᠣᠯᠴᠠᠭᠰᠠᠳ᠂ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠤᠨ ᠰᠤᠷᠤᠯᠴᠠᠯᠭ᠎ᠠ ᠶᠢ ᠤᠬᠠᠮᠰᠠᠷ  ᠠᠴᠠ ᠪᠠᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠳᠠᠭᠠᠨ ᠲᠤᠤᠱᠯᠠᠭᠤᠯᠤᠨ᠂ ᠦᠨᠳᠦᠰᠦᠲᠡᠨ ᠨᠦᠭᠦᠳ  ᠪᠦᠯᠬᠦᠮᠳᠡᠨ ᠨᠢᠬᠳᠠᠷᠠᠵᠤ ᠬᠠᠮᠳᠤᠪᠠᠷ ᠲᠠᠪᠰᠢᠭᠰᠠᠨ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠢᠳᠡᠪᠬᠢᠲᠡᠢ ᠪᠣᠶ ᠪᠣᠯᠭᠠᠨ᠎ᠠ ᠬᠡᠵᠦ ᠢᠯᠡᠷᠭᠡᠶᠢᠯᠡᠵᠡᠭᠡᠵᠦ ᠪᠠᠶᠢᠯ᠎ᠠ᠃     ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠠᠵᠢᠯᠳᠠᠨ ᠢᠦᠢ ᠰᠢᠶᠠᠨ ᠽᠧ᠄ ︽ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ ᠪᠠᠨ ᠤᠯᠤᠰ ᠲᠥᠷᠥ ᠶᠢᠨ ᠤᠬᠠᠮᠰᠠᠷ ᠢᠶᠠᠨ ᠤᠯᠠᠮ ᠪᠠᠲᠤᠳᠬᠠᠵᠤ᠂  ᠡᠷᠳᠡᠮ ᠴᠢᠳᠠᠪᠤᠷᠢ ᠪᠠᠨ ᠲᠡᠭᠡᠭᠰᠢᠯᠡᠬᠦᠯᠦᠨ᠂ ᠨᠠᠩ ᠥᠨᠳᠥᠷ ᠤᠬᠠᠮᠰᠠᠷ᠂ ᠨᠠᠩ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠤᠬᠠᠭᠤᠯᠤᠭᠴᠢ᠂ ᠦᠢᠯᠡᠳᠦᠯᠭᠡᠵᠢᠭᠦᠯᠦᠭᠴᠢ᠂  ᠪᠠ ᠠᠬᠢᠭᠤᠯᠤᠭᠴᠢ ᠪᠤᠯᠤᠨ᠎ᠠ  ︾᠃     ᠰᠢᠩ ᠹᠦ᠋ ᠰᠢᠶᠠᠩ ᠤᠨ ᠠᠵᠢᠯᠳᠠᠨ ᠮᠧᠩ  ᠳ᠋ᠧ᠄ ︽ ᠤᠷᠤᠯᠳᠤᠭᠠᠨ ᠳᠤ ᠤᠷᠤᠯᠴᠠᠭᠠᠳ ᠪᠢ ᠮᠠᠰᠢ ᠤᠯᠠᠨ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠦᠨᠳᠦᠰᠦᠲᠡᠨ ᠤ ᠲᠤᠬᠠᠢ ᠮᠡᠳᠡᠯᠭᠡ ᠶᠢ ᠰᠤᠷᠴᠤ᠂  ᠨᠠᠮ ᠲᠦᠷᠦ ᠠᠴᠠ ᠦᠨᠳᠦᠰᠦᠲᠡᠨ ᠤ ᠠᠵᠢᠯ ᠢ ᠴᠢᠬᠤᠯᠠᠴᠢᠯᠠᠵᠤ ᠪᠠᠶᠢᠬᠤ ᠪᠠ ᠴᠥᠭᠡᠨ ᠲᠣᠭᠠᠲᠤ ᠦᠨᠳᠦᠰᠦᠲᠡᠨ ᠤ ᠠᠬ᠎ᠠ ᠳᠡᠭᠦᠦ ᠨᠠᠷ ᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠶᠢ ᠤᠯᠠᠮ ᠬᠦᠨᠵᠡᠬᠡᠢ ᠤᠶᠢᠯᠠᠭᠠᠵᠠᠢ︾᠃    ᠬᠤᠶᠢᠰᠢᠳᠠ ᠲᠠᠶᠢᠹᠤᠰᠧ ᠬᠤᠰᠢᠭᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠳᠠᠯᠠᠨ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ ᠰᠢᠨ᠎ᠡ ᠪᠦᠲᠦᠮᠵᠢ᠂ ᠰᠢᠨ᠎ᠡ ᠰᠢᠪᠲᠤᠯᠤᠯᠲᠠ ᠶᠢ ᠠᠬᠢᠭᠤᠯᠤᠨ᠂ ᠰᠢᠨ᠎ᠡ ᠴᠠᠭ ᠦᠶ᠎ᠡ ᠶᠢᠨ  ᠲᠠᠶᠢᠹᠤᠰᠧ ᠬᠤᠰᠢᠭᠤᠨ ᠤ ᠦᠨᠳᠦᠰᠦᠲᠡᠨ ᠤ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号