ᠬᠦᠨᠪᠤᠯᠠᠭ ᠰᠤᠮᠤ᠄  ᠰᠢᠭᠦᠬᠦ  ᠬᠤᠷᠢᠶᠠᠨ ᠤ ᠬᠢᠨ ᠵᠢᠷᠠᠨ ᠤᠰᠤ ᠭᠠᠴᠠᠭᠠᠨ ᠳᠤ ︽ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ  ᠬᠠᠤᠯᠢ ᠪᠠᠷ ᠵᠠᠰᠠᠬᠤ︾  ᠤᠬᠠᠭᠤᠯᠭ᠎ᠠ  ᠬᠢᠭᠰᠡᠨ
ᠨᠡᠶᠢᠲᠡᠯᠡᠭᠰᠡᠨ ᠴᠠᠭ᠄
2023/6/2
 ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ  ᠂  ᠶᠡᠷᠦᠩᠬᠡᠢ ᠱᠦᠵᠢ ᠰᠢ ᠶᠢᠨ ᠫᠢᠩ  ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠨᠠᠮ ᠤᠨ ᠶᠡᠷᠦᠩᠬᠡᠢ ᠡᠭᠦᠷ ᠤᠨ ᠱᠦᠵᠢ ᠵᠤᠤ ᠮᠢᠩ  ᠵᠡᠷᠭᠡ ᠬᠦᠮᠦᠰ ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ   ᠤᠨ ᠭᠡᠰᠢᠭᠦᠳ ᠲᠠᠢ ᠬᠠᠮᠲᠤ ᠪᠠᠷ ᠵᠢᠷᠠᠨ ᠤᠰᠤ ᠤᠰᠤ  ᠭᠠᠴᠠᠭᠠᠨ ᠳᠤ ᠭᠦᠨᠵᠡᠭᠡᠶᠢᠷᠡᠵᠦ᠂ ︽ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠪᠠᠷ ᠵᠠᠰᠠᠬᠤ︾  ᠤᠬᠠᠭᠤᠯᠭ᠎ᠠ ᠬᠢᠵᠡᠢ᠃ ᠬᠤᠷᠠᠯ ᠢ  ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ ᠴᠠᠢ ᠸᠧᠨ ᠰᠢᠦᠢ ᠡᠷᠭᠢᠯᠡᠵᠦ᠂ ᠵᠢᠷᠠᠨ ᠤᠰᠤ ᠭᠠᠴᠠᠭᠠᠨ ᠤ ᠤᠳᠤᠷᠢᠳᠬᠤ ᠪᠠᠭ ᠤᠨ ᠭᠡᠰᠢᠬᠦᠳ ᠪᠠ ᠮᠠᠯᠴᠢᠳ ᠤᠨ ᠲᠥᠯᠥᠭᠡᠯᠡᠭᠴᠢ ᠬᠤᠷᠠᠯ ᠳᠤ ᠤᠷᠤᠯᠴᠠᠪᠠ᠃ ᠬᠤᠷᠠᠯ ᠳᠤ ᠪᠠᠰᠠ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠵᠦᠪᠯᠡᠯ ᠤᠨ ᠲᠡᠳ᠋ ᠡᠷᠬᠢᠯᠡᠭᠴᠢ ᠲᠦᠮᠡᠨᠬᠡᠷᠡᠯ ᠢ ᠤᠷᠢᠵᠤ ᠤᠷᠤᠯᠴᠠᠭᠤᠯᠤᠭᠰᠠᠨ ᠪᠠᠶᠢᠨ᠎ᠠ᠃   ᠰᠢᠭᠦᠬᠦ ᠬᠤᠷᠢᠶᠠᠨ ᠤ ᠳᠡᠳ᠋ ᠳᠠᠷᠤᠭ᠎ᠠ ᠯᠢ ᠴᠧᠨ ᠬᠤᠷᠠᠯ ᠤᠨ ᠶᠠᠷᠢᠶᠠᠨ ᠳᠠᠭᠠᠨ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠡᠷᠭᠡᠪᠰᠢ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠭᠯᠡᠯ ᠪᠠ ᠭᠤᠣᠯᠳᠠᠯᠭ᠎ᠠ ᠶᠢ ᠣᠨᠣᠪᠴᠢᠲᠠᠶ ᠡᠵᠡᠮᠳᠡᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠣᠨᠣᠯ᠂ ᠦᠨᠳᠦᠰᠦᠳᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠭᠦᠨᠵᠡᠭᠡᠢ  ᠠᠬᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ  ᠬᠡᠵᠦ ᠴᠢᠬᠤᠯᠠᠴᠢᠯᠠᠪᠠ᠃ ᠰᠢᠭᠦᠬᠦ ᠬᠤᠷᠢᠶᠠᠨ ᠤ ᠰᠢᠭᠦᠭᠴᠢ ᠠᠴᠠ ᠮᠠᠯᠴᠢᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠣᠷᠤᠭ ᠭᠡᠷ ᠪᠦᠯᠢ ᠶᠢᠨ ᠬᠠᠤᠯᠢ︾  ᠶᠢ ᠲᠠᠶᠢᠯᠪᠤᠷᠢᠯᠠᠭᠰᠠᠨ ᠪᠦᠭᠡᠳ   ᠰᠢᠭᠦᠬᠦ ᠬᠤᠷᠢᠶᠠᠨ ᠤ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠵᠢᠶᠠ ᠢᠦᠢ ᠬᠤᠩ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠲᠠᠬᠢ ᠵᠣᠭᠤᠰ ᠵᠢᠭᠡᠯᠡᠬᠦ ᠭᠡᠷ᠎ᠡ ᠶᠢᠨ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠲᠠᠶᠢᠯᠪᠤᠷᠢᠯᠠᠵᠠᠢ᠃ ᠴᠠᠢ ᠸᠧᠨ ᠰᠢᠦᠢ ᠢᠯᠡᠷᠬᠡᠶᠢᠯᠡᠬᠦ ᠳᠡᠭᠡᠨ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠪᠣᠯ ᠬᠥᠮᠥᠨ ᠨᠢᠭᠡᠪᠦᠷᠢ ᠶᠢᠨ ᠡᠷᠬᠡᠪᠰᠢ ᠡᠵᠡᠮᠰᠢᠬᠦ  ᠴᠢᠬᠤᠯᠠᠳᠠᠢ ᠵᠡᠪᠰᠡᠭ ᠮᠥᠨ᠂  ᠨᠡᠶᠢᠭᠡᠮ ᠳᠤ ᠰᠠᠭᠤᠷᠢᠯᠠᠵᠤ᠂ ᠬᠥᠭᠵᠢᠯᠲᠡ ᠶᠢ ᠡᠷᠢᠯᠬᠢᠯᠡᠬᠦ ᠳᠤ ᠬᠠᠤᠯᠢ ᠶᠢᠨ ᠮᠡᠳᠡᠯᠭᠡ ᠳᠤᠲᠠᠭᠳᠠᠵᠤ ᠪᠣᠯᠣᠰᠢ ᠦᠭᠡᠢ ᠶᠤᠮ᠃ ᠬᠠᠤᠯᠢ ᠶᠢ ᠰᠤᠷᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ ᠪᠣᠯ ᠠᠷᠠᠳ ᠢᠷᠭᠡᠨ ᠨᠢᠭᠡᠪᠦᠷᠢ ᠶᠢᠨ ᠡᠷᠬᠡᠪᠰᠢ ᠭᠦᠢᠴᠡᠳᠬᠡᠬᠦ ᠬᠡᠷᠡᠭᠲᠡᠢ ᠨᠢᠭᠡᠨ ᠶᠡᠭᠡ ᠶᠠᠪᠤᠳᠠᠯ ᠮᠥᠨ᠃  ᠪᠢᠳᠡ ᠡᠨᠡ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠲᠤᠳᠬᠠᠨ᠂ ︽ᠬᠠᠤᠯᠢ ᠶᠢ ᠰᠤᠷᠤᠯᠴᠠᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ ᠬᠡᠵᠡᠢ᠃ ᠬᠤᠷᠠᠯ ᠤᠨ ᠳᠠᠷᠠᠭ᠎ᠠ᠂ ᠰᠢᠭᠦᠬᠦ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠠᠴᠠ ᠬᠤᠷᠠᠯ ᠳᠤ ᠣᠷᠣᠯᠴᠠᠭᠰᠠᠨ ᠺᠠᠳ᠋ᠷ ᠮᠠᠯᠴᠢᠳ  ᠲᠤ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ᠢᠷᠭᠡᠨ ᠤ ᠬᠠᠤᠯᠢ ᠶᠢᠨ ᠪᠢᠴᠢᠭ︾ ᠵᠡᠷᠭᠡ  ᠤᠬᠠᠭᠤᠯᠭ᠎ᠠ ᠶᠢᠨ ᠮᠠᠲ᠋ᠧᠷᠢᠶᠠᠯ ᠢ  ᠲᠠᠷᠬᠠᠭᠠᠭᠰᠠᠨ ᠪᠠᠶᠢᠨ᠎ᠠ᠃  
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号