ᠰᠢᠩ ᠹᠦ᠋ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/2
  6 ᠰᠠᠷ᠎ᠠ ᠶᠢᠨ 1  ᠤ ᠡᠳᠦᠷ᠂ ᠰᠢᠩ ᠹᠦ᠋ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ 6 ᠳ᠋ᠤᠭᠠᠷ ᠰᠠᠷ᠎ᠠ ᠶᠢᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ  ᠭᠡᠰᠢᠬᠦᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠦᠷᠳᠡᠭᠡᠨ ᠤ ᠠᠵᠢᠯᠳᠠᠳ ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢᠨ ᠳᠠᠷᠤᠭ᠎ᠠ ᠭᠡᠰᠢᠭᠦᠳ᠂ ᠡᠯ᠎ᠡ ᠲᠣᠰᠬᠤᠨ ᠤ ᠱᠦᠵᠢ ︵ᠡᠷᠬᠢᠯᠡᠭᠴᠢ︶ ᠵᠢᠴᠢ ᠬᠠᠮᠢᠶ᠎ᠠ ᠪᠦᠬᠦᠢ ᠺᠠᠳ᠋ᠷ ᠠᠵᠢᠯᠲᠠᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ  ᠂ ︽ᠥᠪᠡᠷᠲᠡᠭᠡᠨ ᠵᠠᠰᠠᠬᠤ ᠣᠷᠣᠨ ᠠᠴᠠ 2022 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠤᠯᠭᠠᠭᠤᠯᠬᠤ ᠠᠵᠢᠯ ᠢ ᠦᠨᠡᠯᠡᠨ ᠵᠢᠱᠢᠬᠦ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠦᠰᠦᠪ︾᠂ ︽ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠪᠠ  ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︽ᠨᠢᠭᠡᠳᠦᠭᠡᠷ ᠤᠯᠠᠷᠢᠯ ᠤᠨ ᠠᠵᠢᠯ ᠣᠯᠭᠤᠯᠲᠠ ᠶᠢᠨ ᠲᠤᠭ᠎ᠠ ᠪᠠᠷᠢᠮᠲᠠ ᠶᠢᠨ ᠠᠰᠠᠭᠤᠳᠠᠯ ᠤᠨ ᠲᠤᠬᠠᠢ ᠮᠡᠳᠡᠭᠡᠯᠡᠯ︾ ᠢ ᠤᠯᠠᠮᠵᠢᠯᠠᠨ ᠲᠠᠶᠢᠯᠪᠤᠷᠢᠯᠠᠭᠰᠠᠨ ᠤ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠦᠨᠳᠦᠰᠦᠲᠡᠨ ᠤ ᠪᠦᠯᠬᠦᠮᠳᠡᠯ ᠂ ᠱᠠᠰᠢᠨ ᠰᠤᠷᠲᠠᠬᠤᠨ ᠤ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠢ᠃  ᠰᠢᠶᠠᠩ ᠤᠨ ᠨᠠᠮ ᠤᠨ ᠬᠤᠷᠢᠶᠠᠨ ᠤ ᠱᠦᠵᠢ ᠰᠦᠩ ᠹᠧᠩ ᠴᠢᠬᠤᠯᠠᠴᠢᠯᠠᠬᠤ ᠳᠠᠭᠠᠨ᠄ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠤᠨ ᠲᠤᠷᠰᠢᠯᠭ᠎ᠠ ᠶᠢ ᠰᠠᠶᠢᠲᠤᠷ ᠳ᠋ᠦᠩᠨᠡᠨ᠂ ᠣᠷᠣᠰᠢᠵᠤ ᠪᠠᠶᠢᠭ᠎ᠠ ᠠᠰᠠᠭᠤᠳᠠᠯ ᠢ ᠰᠠᠶᠢᠲᠤᠷ ᠴᠡᠭᠴᠡᠯᠡᠨ ᠰᠠᠶᠢᠵᠢᠷᠠᠭᠤᠯᠵᠤ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂  ᠲᠤᠰᠬᠤᠨ ᠳᠤ ᠰᠠᠭᠤᠭ᠎ᠠ ᠠᠵᠢᠯᠯᠠᠬᠤ ᠠᠩᠭᠢ᠂ ᠲᠣᠰᠬᠤᠨ ᠤ ︽ᠬᠤᠶᠠᠷ ᠵᠥᠪᠯᠡᠯ︾ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠬᠢᠵᠦ᠂  ᠠᠵᠠ ᠬᠠᠷᠠᠬᠤ ᠪᠤᠳᠤᠯ ᠢ ᠡᠷᠡᠰ  ᠲᠡᠪᠴᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠨᠠᠷ ᠰᠠᠶᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠠᠵᠢᠯ ᠤᠨ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠭᠦᠨᠵᠡᠭᠡᠢ ᠠᠭᠤᠰᠤᠯᠴᠠᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠨ᠂ ᠠᠵᠤ ᠦᠢᠯᠡᠰ ᠢ ᠠᠳᠬᠤᠵᠤ᠂ ᠵᠠᠰᠠᠯᠲᠠ ᠶᠢ ᠠᠳᠬᠤᠨ᠂ ᠦᠨᠳᠦᠰᠦᠲᠡᠨ ᠤ ᠭᠠᠵᠠᠷ ᠣᠷᠣᠨ ᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠳᠥᠷᠪᠡ ᠳᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠵᠥᠷᠢᠴᠡᠯ ᠵᠢᠭᠤᠷᠠᠭᠠᠨ ᠢ ᠰᠠᠶᠢᠲᠤᠷ ᠪᠠᠶᠢᠴᠠᠭᠠᠵᠤ᠂ ᠰᠠᠶᠢᠲᠤᠷ ᠰᠢᠢᠳᠪᠦᠷᠢᠯᠡᠵᠦ᠂  ᠨᠡᠶᠢᠭᠡᠮ ᠤᠨ ᠶᠡᠭᠡ ᠲᠠᠯ᠎ᠠ ᠶᠢᠨ ᠠᠮᠤᠷ  ᠲᠣᠭᠲᠠᠭᠤᠨ ᠢ ᠪᠠᠲᠤᠯᠠᠬᠤ ᠬᠡᠷᠡᠭᠲᠡᠢ᠃ ᠲᠠᠪᠤ ᠳᠤ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ  ᠵᠠᠰᠠᠯᠳᠠ ᠶᠢᠨ ᠠᠵᠢᠯ ᠢ ᠰᠠᠶᠢᠲᠤᠷ ᠦᠷᠨᠢᠬᠦᠯᠦᠨ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠳᠤ ︽ᠥᠩᠭᠡ ᠵᠢᠰᠦ︾ ᠨᠡᠮᠡᠷᠢᠯᠡᠵᠦ᠂ ︽ᠰᠦᠷ ᠵᠢᠪᠬᠤᠭ᠎ᠠ︾  ᠨᠡᠮᠡᠷᠢᠯᠡᠵᠦ᠂  ᠲᠣᠰᠬᠤᠨ ᠤ ᠠᠷᠠᠳ ᠤᠨ ᠬᠠᠨᠤᠮᠵᠢ ᠶᠢᠨ ᠬᠡᠮᠵᠢᠶ᠎ᠡ ᠶᠢ   ᠳᠡᠭᠡᠭᠰᠢᠯᠡᠭᠦᠯᠬᠦ ᠬᠡᠷᠡᠭᠲᠡᠢ ᠭᠡᠪᠡ᠃ ᠨᠠᠮ ᠤᠨ ᠬᠤᠷᠢᠶᠠᠨ ᠤ ᠳᠡᠳ᠋ ᠱᠦᠵᠢ᠂  ᠰᠢᠶᠠᠩ ᠤᠨ ᠳᠠᠷᠤᠭ᠎ᠠ ᠵᠣᠣ ᠢᠦᠢ ᠪᠦᠦ ᠬᠤᠷᠠᠯ ᠤᠨ ᠶᠠᠷᠢᠶᠠᠨ  ᠳᠠᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠩᠰᠠ ᠡᠪᠬᠡᠮᠡᠯ ᠢ ᠤᠯᠠᠮ ᠲᠦᠷᠢᠮᠵᠢᠬᠦᠯᠵᠦ᠂  ᠲᠠᠩᠰᠠ ᠡᠪᠬᠡᠮᠡᠯ ᠤᠨ ᠲᠦᠷᠢᠮᠵᠢᠵᠦ ᠪᠠᠷᠢᠮᠵᠢᠶᠠᠵᠢᠭᠰᠠᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠲᠣᠰᠬᠤᠨ ᠤ ᠠᠷᠠᠳ ᠢ  ᠬᠥᠲᠥᠯᠥᠨ ᠵᠢᠯᠤᠭᠤᠳᠴᠤ ᠪᠠᠶᠢᠭᠠᠳ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠳᠤ ᠢᠳᠡᠪᠬᠢᠳᠡᠢ ᠤᠷᠤᠯᠴᠠᠭᠤᠯᠤᠨ᠂ ︽ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ ᠤᠨ ᠬᠤᠪᠢ ᠬᠤᠷᠠᠮᠳᠤᠭᠤᠯᠬᠤ ᠳᠦᠷᠢᠮ︾ ᠢᠶᠠᠷ  ᠤᠷᠮᠠᠰᠢᠭᠤᠯᠤᠨ ᠵᠣᠷᠢᠭᠵᠢᠭᠤᠯᠵᠤ᠂ ︽ᠡᠭᠦᠳᠡᠨ ᠡᠮᠦᠨᠡᠬᠢ ᠭᠤᠷᠪᠠᠨ ᠲᠠᠭᠠᠭᠠᠴᠢᠯᠠᠯᠳᠠ︾ ᠶᠢᠨ  ᠬᠠᠷᠢᠭᠤᠴᠠᠯᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠴᠡᠪᠡᠷᠯᠡᠬᠦ ᠠᠵᠢᠯ  ᠢ ᠤᠯᠠᠮ ᠴᠢᠩᠭᠠᠳᠬᠠᠵᠤ᠂ ᠠᠮᠢ ᠠᠬᠤᠢ ᠤᠷᠴᠢᠨ ᠲᠤᠭᠤᠷᠢᠨ ᠢ ᠰᠠᠶᠢᠲᠤᠷ ᠬᠠᠮᠠᠭᠠᠯᠠᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠰᠠᠶᠢᠲᠤᠷ ᠪᠠᠶᠢᠭᠤᠯᠬᠤ ᠬᠡᠷᠡᠭᠲᠡᠢ ᠬᠡᠵᠦ ᠵᠢᠭᠠᠵᠤ ᠭᠠᠷᠭᠠᠭᠰᠠᠨ  ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号