ᠪᠤᠤᠴᠠᠩ ᠪᠠᠯᠭᠠᠰᠤ ︽  ᠪᠠᠶᠢᠴᠠᠭᠠᠨ ᠴᠡᠭᠴᠡᠯᠡᠬᠦ ᠰᠠᠷ᠎ᠠ︾ ᠶᠢᠨ ᠲᠤᠰᠬᠠᠢ ᠠᠵᠢᠯᠯᠠᠭ᠎ᠠ ᠶᠢ  ᠪᠠᠶᠢᠷᠢᠯᠠᠭᠤᠯᠤᠭᠰᠠᠨ
ᠨᠡᠶᠢᠲᠡᠯᠡᠭᠰᠡᠨ ᠴᠠᠭ᠄
2023/6/2
 ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭᠠᠨ ᠤ ᠬᠤᠷᠠᠯ ᠪᠣᠯᠣᠨ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ ᠤᠨ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 31 ᠤ ᠡᠳᠦᠷ ᠪᠤᠤᠴᠠᠩ   ᠪᠠᠯᠭᠠᠰᠤ ︽ ᠪᠠᠶᠢᠴᠠᠭᠠᠨ ᠴᠡᠭᠴᠡᠯᠡᠬᠦ ᠰᠠᠷ᠎ᠠ︾ ᠶᠢᠨ ᠲᠤᠰᠬᠠᠢ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠳᠣᠬᠠᠨ ᠤ ︽ ᠪᠠᠶᠢᠴᠠᠭᠠᠨ ᠴᠡᠭᠴᠡᠯᠡᠬᠦ ᠰᠠᠷ᠎ᠠ︾ ᠶᠢᠨ ᠡᠯ᠎ᠡ  ᠲᠦᠷᠦᠯ ᠤᠨ ᠠᠵᠢᠯ ᠢ ᠰᠠᠶᠢᠲᠤᠷ ᠬᠢᠬᠦ ᠲᠤᠬᠠᠢ ᠪᠥᠬᠦ ᠲᠠᠯ᠎ᠠ ᠶᠢᠨ ᠳᠠᠶᠢᠴᠢᠯᠠᠯᠲᠠ ᠪᠠ ᠪᠠᠶᠢᠷᠢᠯᠠᠭᠤᠯᠤᠯᠲᠠ ᠬᠢᠪᠡ᠃ ᠬᠤᠷᠠᠯ ᠢ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠽᠦᠸᠧ ᡁᠢ ᠭᠦᠸᠧ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ  ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠤ ᠨᠠᠮ ᠤᠨ ᠡᠬᠦᠷ ᠤᠨ ᠱᠦᠵᠢ ᠵᠢᠴᠢ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷᠳᠡᠭᠡᠨ  ᠤ ᠠᠵᠢᠯᠲᠠᠳ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠱᠦᠵᠢ ᠸᠠᠩ ᠰᠢ ᠪᠢᠨ  ᠠᠴᠠ ᠠᠵᠢᠯ ᠤᠨ  ᠪᠠᠶᠢᠷᠢᠯᠠᠭᠤᠯᠤᠯᠲᠠ ᠬᠢᠬᠦ ᠳᠡᠭᠡᠨ᠂  ᠲᠣᠰᠬᠤᠨ ᠤ ᠨᠢᠭᠡᠳᠦᠭᠡᠷ ᠱᠦᠵᠢ᠂ ᠲᠣᠰᠬᠤᠨ ᠤ ᠨᠠᠮ ᠤᠨ ᠡᠬᠦᠷ ᠤᠨ ᠱᠦᠵᠢ ᠨᠠᠷ ︽ ᠪᠠᠶᠢᠴᠠᠭᠠᠨ ᠴᠡᠭᠴᠡᠯᠡᠬᠦ  ᠰᠠᠷ᠎ᠠ︾ ᠶᠢᠨ ᠲᠤᠰᠬᠠᠢ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠬᠦᠪᠡᠷ ᠠᠵᠠ ᠲᠣᠬᠢᠶᠠᠯ ᠪᠤᠯᠭᠠᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ  ᠬᠤᠶᠠᠳᠤᠭᠠᠷ ᠤᠯᠠᠷᠢᠯ ᠤᠨ  ᠤᠶᠢᠯᠠᠭᠠᠨ ᠪᠠᠶᠢᠴᠠᠭᠠᠬᠤ ᠠᠵᠢᠯ ᠲᠠᠢ ᠤᠶᠠᠯᠳᠤᠭᠤᠯᠵᠤ᠂ ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠢᠴᠠᠭᠤᠯᠤᠨ᠂ ᠭᠤᠣᠯᠳᠠᠯᠭ᠎ᠠ ᠲᠠᠢ ᠬᠥᠮᠥᠰ ᠪᠣᠯᠣᠨ ᠭᠤᠣᠯᠳᠠᠯᠭ᠎ᠠ ᠲᠠᠢ ᠭᠤᠭᠴᠤᠭ᠎ᠠ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂  ᠴᠡᠭᠴᠡᠯᠡᠨ ᠰᠠᠶᠢᠵᠢᠷᠠᠭᠤᠯᠬᠤ ᠠᠵᠢᠯ ᠢ ᠲᠤᠭᠳᠠᠭᠰᠠᠨ ᠴᠠᠭ ᠲᠤ ᠪᠡᠶᠡᠯᠡᠬᠦᠯᠬᠦ  ᠭᠡᠷᠡᠭᠳᠡᠢ᠃  ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠥᠷᠲᠡᠭᠡ ᠨᠢ ᠬᠤᠶᠠᠳᠤᠭᠠᠷ ᠤᠯᠠᠷᠢᠯ ᠤᠨ ᠣᠶᠢᠯᠠᠭᠠᠨ ᠪᠠᠶᠢᠴᠠᠭᠠᠬᠤ ᠠᠵᠢᠯ ᠪᠠ  ︽ ᠪᠠᠶᠢᠴᠠᠭᠠᠨ ᠴᠡᠭᠴᠡᠯᠡᠬᠦ  ᠰᠠᠷ᠎ᠠ︾ ᠶᠢᠨ ᠲᠤᠰᠬᠠᠢ ᠠᠵᠢᠯ  ᠤᠨ ᠲᠣᠭᠤᠷᠢᠨ ᠳᠤ ᠬᠢᠨᠠᠨ ᠰᠢᠯᠭᠠᠬᠤ ᠠᠵᠢᠯ ᠢ ᠦᠷᠨᠢᠬᠦᠯᠵᠦ᠂  ᠬᠢᠨᠠᠨ ᠰᠢᠯᠭᠠᠭᠰᠠᠨ ᠦᠷ᠎ᠡ ᠳ᠋ᠦᠩ ᠢ ᠵᠢᠯ ᠤᠨ ᠡᠴᠦᠰ ᠤᠨ ᠰᠢᠯᠢᠳᠡᠭ ᠢ ᠰᠢᠯᠭᠠᠷᠠᠭᠤᠯᠬᠤ ᠦᠨᠳᠦᠰᠦᠯᠡᠯ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃  ᠳᠡᠳ᠋ ᠪᠠᠯᠭᠠᠰᠤᠨ ᠳᠠᠷᠤᠭ᠎ᠠ ᠸᠠᠩ ᠬᠤᠢ ᠮᠢᠨ ᠠᠴᠠ ︽ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠪᠣᠯᠣᠨ  ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠤᠷᠢᠨ ᠦᠵᠡᠵᠦ  ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾  ᠳᠤ ᠲᠠᠶᠢᠯᠤᠮᠵᠢ ᠬᠢᠵᠦ᠂ ᠪᠠᠯᠭᠠᠰᠤᠨ ᠤ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠷᠲᠡᠭᠡᠨ ᠤ ᠠᠵᠢᠯᠲᠠᠨ ᠸᠧᠨ ᠰᠢᠤᠸᠠᠢ ᠯᠦᠩ   ᠠᠴᠠ ᠨᠢᠭᠡᠳᠦᠭᠡᠷ ᠤᠯᠠᠷᠢᠯ ᠤᠨ ᠠᠵᠢᠯ ᠤᠯᠤᠯᠳᠠ ᠶᠢᠨ ᠲᠤᠭ᠎ᠠ ᠪᠠᠷᠢᠮᠲᠠ ᠶᠢᠨ ᠲᠤᠬᠠᠢ ᠬᠠᠷᠢᠭᠤ ᠲᠤᠰᠬᠠᠭᠰᠠᠨ ᠠᠰᠠᠭᠤᠳᠠᠯ ᠤᠨ ᠲᠣᠭᠤᠷᠢᠨ ᠳᠤ᠂  ᠠᠵᠢᠯ ᠤᠯᠤᠯᠳᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠ ᠠᠵᠢᠯ ᠤᠯᠤᠯᠳᠠ ᠶᠢᠨ ᠮᠡᠳᠡᠭᠡ ᠵᠠᠩᠭᠢ ᠶᠢ ᠪᠠᠶᠢᠩᠭᠤᠵᠢᠭᠤᠯᠬᠤ ᠲᠠᠯ᠎ᠠ ᠪᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠡᠢ ᠃  
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号