ᠠᠷᠠᠳ ᠤᠨ ᠪᠠᠶᠢᠴᠠᠭᠠᠬᠤ ᠬᠤᠷᠢᠶᠠᠨ ᠤ ᠬᠢᠨ  ︽7.1︾  ᠢᠶᠠᠨ ᠤᠭᠲᠤᠬᠤ ᠶᠠᠷᠢᠶ᠎ᠠ ᠢᠯᠡᠳᠬᠡᠯ ᠤᠨ ᠤᠷᠤᠯᠳᠤᠭᠠᠨ ᠬᠢᠭᠰᠡᠨ
ᠨᠡᠶᠢᠲᠡᠯᠡᠭᠰᠡᠨ ᠴᠠᠭ᠄
2023/6/30
   ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠣᠶ ᠶᠢ ᠪᠡᠯᠭᠡᠯᠡᠵᠦ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠵᠤᠵᠠᠭᠠᠳᠬᠠᠨ᠂ ᠨᠠᠮ ᠤᠨ ᠬᠡᠷᠡᠯ ᠰᠠᠴᠤᠷᠠᠩᠭᠤᠶ ᠲᠡᠦᠬᠡ ᠪᠠᠷ ᠵᠠᠯᠠᠭᠤᠴᠤᠳ ᠢ ᠰᠡᠩᠬᠡᠷᠡᠭᠦᠯᠵᠦ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠬᠤᠷᠢᠶᠠᠨ ᠤ ᠺᠠᠳ᠋ᠷ ᠴᠠᠭᠳᠠᠭ᠎ᠠ ᠶᠢᠨ ᠲᠡᠮᠡᠴᠡᠯ ᠤᠨ ᠣᠷᠭᠢᠯᠤᠮ᠎ᠠ ᠰᠡᠳᠬᠢᠯᠭᠡ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ 6 ᠰᠠᠷ᠎ᠠ ᠶᠢᠨ 28 ᠤ ᠡᠳᠦᠷ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ︽ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ ᠰᠢᠨ᠎ᠡ ᠴᠠᠭ ᠦᠶ᠎ᠡ ᠳᠤ ᠰᠢᠨ᠎ᠡ ᠬᠠᠭᠤᠳᠠᠰᠤ ᠶᠢ ᠪᠢᠴᠢᠭᠯᠡᠶ᠎ᠡ︾  —  ︽7.1︾  ᠢᠶᠠᠨ ᠤᠭᠳᠤᠬᠤ ᠶᠠᠷᠢᠶ᠎ᠠ ᠢᠯᠡᠳᠬᠡᠯ ᠤᠨ ᠤᠷᠤᠯᠳᠤᠭᠠᠨ ᠡᠷᠭᠢᠯᠡᠪᠡ᠃ ᠤᠷᠤᠯᠳᠤᠭᠠᠨ ᠤ ᠠᠬᠤᠢ ᠲᠠᠯᠠᠪᠠᠢ ᠳᠤ᠂  ᠺᠠᠳ᠋ᠷ ᠠᠵᠢᠯᠳᠠᠳ ᠠᠴᠠ ᠶᠠᠷᠢᠶᠠᠨ ᠤ ᠭᠤᠣᠯ ᠰᠡᠳᠦᠪ ᠤᠨ ᠲᠣᠭᠤᠷᠢᠨ ᠳᠤ  ᠠᠵᠢᠯ ᠤᠨ ᠪᠠᠶᠢᠷᠢ ᠶᠢᠨ ᠡᠬᠦᠷᠭᠡ ᠬᠠᠷᠢᠭᠤᠴᠠᠯᠭ᠎ᠠ ᠪᠣᠯᠤᠨ ᠠᠵᠢᠯ ᠬᠢᠭᠰᠡᠨ ᠥᠩᠭᠡᠷᠡᠯᠲᠡ ᠶᠠᠪᠤᠴᠠ ᠲᠠᠢ ᠪᠠᠨ ᠤᠶᠠᠯᠳᠤᠭᠤᠯᠵᠤ᠂  ᠡᠪ ᠬᠠᠮᠲᠤᠴᠤᠳ ᠤᠨ ᠬᠦᠰᠡᠯᠡᠩ ᠢᠲᠡᠭᠡᠯ ᠪᠢᠰᠢᠷᠡᠯ᠂ ᠬᠤᠪᠢᠰᠬᠠᠯ ᠤᠨ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠪᠣᠯᠤᠨ  ᠡᠬᠡ ᠤᠯᠤᠰ ᠢᠶᠠᠨ ᠬᠠᠶᠢᠷᠠᠯᠠᠬᠤ  ᠂  ᠡᠪ ᠬᠠᠮᠳᠤ ᠨᠠᠮ ᠢᠶᠠᠨ ᠬᠠᠶᠢᠷᠠᠯᠠᠬᠤ᠂ ᠠᠵᠢᠯ ᠦᠢᠯᠡᠰ ᠢᠶᠠᠨ ᠬᠠᠶᠢᠷᠠᠯᠠᠬᠤ ᠴᠠᠭ ᠦᠶ᠎ᠡ ᠶᠢᠨ ᠬᠠᠶᠢᠷ᠎ᠠ ᠰᠡᠳᠬᠢᠯᠭᠡ ᠪᠠᠨ ᠢᠯᠡᠳᠬᠡᠵᠦ᠂ ᠪᠠᠶᠢᠴᠠᠭᠠᠬᠤ ᠬᠤᠷᠢᠶᠠᠨ ᠤ ᠺᠠᠳ᠋ᠷ ᠴᠠᠭᠳᠠᠭ᠎ᠠ ᠶᠢᠨ ᠰᠠᠶᠢᠨ ᠰᠠᠶᠢᠬᠠᠨ ᠲᠦᠷᠢ ᠲᠥᠷᠬᠦ ᠪᠣᠯᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠬᠦᠯᠦᠭᠰᠡᠨ ᠪᠠᠶᠢᠨ᠎ᠠ᠃  ᠶᠠᠷᠢᠶ᠎ᠠ ᠢᠯᠡᠳᠬᠡᠯ ᠤᠨ ᠤᠷᠤᠯᠳᠤᠭᠠᠨ ᠨᠢ ᠥᠷᠭᠡᠨ ᠣᠯᠠᠨ ᠺᠠᠳ᠋ᠷ ᠴᠠᠭᠳᠠᠭ᠎ᠠ ᠨᠠᠷ   ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ  ᠳᠤ ᠶᠡᠬᠡᠬᠡᠨ ᠤᠷᠮ᠎ᠠ ᠵᠤᠷᠢᠭ ᠨᠡᠮᠡᠵᠡᠢ᠃ ᠣᠯᠠᠨ ᠢᠶᠠᠷ ᠢᠶᠠᠨ ᠪᠦᠷ ᠡᠨᠡ ᠤᠳᠠᠭᠠᠨ ᠤ ᠤᠷᠤᠯᠳᠤᠭᠠᠨ ᠢᠶᠠᠷ ᠠᠵᠠ ᠲᠣᠬᠢᠶᠠᠯ  ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠭᠦᠨᠵᠡᠭᠡᠶ ᠰᠤᠷᠤᠯᠴᠠᠨ ᠲᠤᠤᠱᠯᠠᠭᠤᠯᠵᠤ  ᠂ ᠡᠷᠡᠰ ᠭᠤᠶᠢᠪᠢᠰᠢ ᠥᠬᠡᠶ ᠪᠠᠷ ᠨᠠᠮ ᠤᠨ ᠢᠶᠠᠨ ᠦᠭᠡ ᠶᠢ ᠰᠣᠨᠣᠰᠴᠤ᠂ ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠢᠶᠠᠨ ᠡᠬᠦᠷᠢᠳᠡ ᠳᠠᠭᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠠᠶᠢᠹᠤᠰᠧ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠪᠠᠶᠢᠴᠠᠭᠠᠬᠤ ᠠᠵᠢᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号