6 ᠰᠠᠷ᠎ᠠ ᠶᠢᠨ 2 ᠤᠨ ᠡᠳᠦᠷ᠂ ᠲᠠᠶᠢᠹᠤᠰᠧ ᠬᠤᠰᠢᠭᠤᠨ ᠤ ᠬᠢᠨ ︽ᠠᠨᠠᠷ ᠤᠨ ᠦᠷ᠎ᠡ ᠰᠢᠭ ᠪᠦᠯᠬᠦᠮᠳᠡᠨ | ᠨᠢᠬᠳᠠᠷᠠᠵᠤ ᠢᠵᠢᠯ ᠲᠥᠪᠲᠦ ᠲᠣᠭᠤᠷᠢᠭ ᠢ ᠪᠠᠶᠢᠭᠤᠯᠬᠤ︾ ᠵᠠᠯᠠᠭᠤᠴᠤᠳ ᠪᠠᠭᠠᠴᠤᠳ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠮᠡᠳᠡᠯᠭᠡ ᠶᠢᠨ ᠤᠷᠤᠯᠳᠤᠭᠠᠨ ᠡᠷᠬᠢᠯᠡᠵᠦ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠥᠬᠦ | ᠬᠤᠰᠢᠭᠤᠨ ᠤ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠡᠬᠡ ᠤᠷᠤᠨᠴᠢ ᠦᠵᠡᠯ ᠢ ᠵᠠᠯᠠᠭᠤᠴᠤᠳ ᠪᠠᠭᠠᠴᠤᠳ | ᠨᠢᠭᠡᠪᠦᠷᠢ ᠶᠢᠨ ᠰᠡᠳᠬᠢᠯ ᠤᠨ ᠭᠦᠨ ᠳᠤ ᠰᠠᠭᠤᠯᠭᠠᠵᠠᠢ᠃ 6 ᠳᠤᠮᠳᠠᠳᠤ ᠰᠤᠷᠭᠠᠭᠤᠯᠢ ᠶᠢᠨ 6 | ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠵᠤ᠂ ᠬᠤᠷᠴᠠ ᠰᠢᠷᠦᠭᠦᠨ ᠥᠷᠢᠰᠦᠯᠳᠦᠭᠡᠨ ᠢᠶᠠᠷ | ᠳᠠᠮᠵᠢᠭᠠᠳ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠪᠠ ᠰᠢᠯᠢᠳᠡᠭ ᠵᠣᠬᠢᠶᠠᠨ | ᠪᠠᠶᠢᠭᠤᠯᠤᠯᠲᠠ ᠶᠢᠨ ᠱᠠᠩᠨᠠᠯ ᠢ ᠰᠢᠯᠭᠠᠷᠠᠭᠤᠯᠪᠠ᠃ ᠡᠨᠡ ᠤᠳᠠᠭᠠᠨ ᠤ ᠠᠵᠢᠯᠯᠠᠭ᠎ᠠ ᠨᠢ ︽ᠤᠷᠤᠯᠳᠤᠭᠠᠨ ᠢᠶᠠᠷ | ᠰᠤᠷᠤᠯᠴᠠᠯᠭ᠎ᠠ ᠶᠢ ᠠᠬᠢᠭᠤᠯᠬᠤ︾ ︽ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ︾ ᠭᠦᠨ ᠵᠤᠵᠠᠭᠠᠨ | ᠠᠭᠤᠷ ᠠᠮᠢᠰᠬᠤᠯ ᠢ ᠪᠤᠶ ᠪᠣᠯᠭᠠᠵᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠤᠨ ᠬᠤᠭᠤᠷᠣᠨᠳᠣᠬᠢ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠶᠢ ᠠᠬᠢᠭᠤᠯᠤᠨ᠂ ᠥᠷᠭᠡᠨ ᠣᠯᠠᠨ | ᠵᠠᠯᠠᠭᠤᠴᠤᠳ ᠪᠠᠭᠠᠴᠤᠳ ᠢ ᠵᠢᠯᠤᠭᠤᠳᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ | ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ | ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠤᠯᠭᠠᠨ᠂ ᠦᠨᠳᠦᠰᠦᠲᠡᠨ ᠨᠦᠭᠦᠳ ᠤᠨ ᠠᠨᠠᠷ ᠤᠨ ᠦᠷ᠎ᠡ | ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠪᠥᠬᠦ ᠬᠤᠰᠢᠭᠤᠨ ᠤ ᠥᠷᠭᠡᠨ ᠣᠯᠠᠨ ᠵᠠᠯᠠᠭᠤᠴᠤᠳ | ᠪᠠᠭᠠᠴᠤᠳ ᠤᠨ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠤᠨ ᠭᠤᠣᠯ ᠬᠥᠭ ᠠᠶᠠᠰ ᠢ | ᠴᠢᠪᠬᠠᠳᠠᠵᠤ᠂ ᠡᠶ᠎ᠡ ᠵᠣᠬᠢᠴᠠᠯ ᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠵᠤᠷᠢᠬᠵᠢᠭᠤᠯᠤᠭᠰᠠᠨ | ᠪᠠᠶᠢᠨ᠎ᠠ᠃ ᠮᠡᠳᠡᠯᠭᠡ ᠶᠢᠨ ᠤᠷᠤᠯᠳᠤᠭᠠᠨ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠪᠯᠡᠯ ᠤᠨ | ᠬᠤᠷᠢᠶ᠎ᠠ᠂ ᠦᠨᠳᠦᠰᠦᠲᠡᠨ ᠤ ᠬᠡᠷᠡᠭ ᠡᠷᠭᠢᠯᠡᠭ᠊ ᠵᠦᠪᠯᠡᠯ ᠬᠠᠮᠳᠤᠷᠠᠨ ᠡᠷᠬᠢᠯᠡᠵᠡᠢ᠃ |