ᠲᠠᠶᠢᠹᠤᠰᠧ ᠬᠤᠰᠢᠭᠤᠨ ᠤ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/6/5
 ᠠᠶᠢᠮᠠᠭ ᠤᠨ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ᠂ ᠪᠦᠬᠦ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠶᠢᠮᠠᠭ ᠤᠨ ᠨᠠᠮ ᠤᠨ ᠬᠤᠷᠢᠶ᠎ᠠ᠂  ᠠᠶᠢᠮᠠᠭ ᠤᠨ ᠵᠠᠬᠢᠷᠭ᠎ᠠ ᠶᠢᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠣᠰᠣᠭᠠᠷ᠂ ᠲᠠᠶᠢᠹᠤᠰᠧ ᠬᠤᠰᠢᠭᠤᠨ ᠤ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠦᠯᠢᠶᠡᠬᠦ ᠦᠭᠡᠢ ᠲᠦᠰᠢᠭᠯᠡᠬᠦ ᠦᠬᠡᠢ ᠪᠠᠷ ᠦᠳᠲᠡᠷ ᠲᠦᠷᠭᠡᠨ ᠬᠥᠳᠡᠯᠦᠯᠴᠡᠵᠦ ᠂ ᠴᠠᠭ ᠮᠥᠴᠡ ᠠᠯᠳᠠᠯ ᠦᠭᠡᠢ ᠪᠠᠷ  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠳᠬᠤᠵᠤ ᠪᠤᠢ᠃ 5 ᠰᠠᠷ᠎ᠠ ᠶᠢᠨ 27 ᠤ ᠡᠳᠦᠷ ᠠᠴᠠ 31 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠤᠨ ᠲᠠᠭᠠᠭᠤᠯᠤᠭᠰᠠᠨ ᠲᠠᠶᠢᠹᠤᠰᠧ ᠬᠤᠰᠢᠭᠤᠨ ᠤ ᠰᠢᠨᠵᠢᠯᠡᠨ ᠪᠠᠶᠢᠴᠠᠭᠠᠬᠤ ᠪᠦᠯᠬᠦᠮ ᠨᠢ ᠭᠤᠸᠠᠩᠳᠦ᠋ᠩ ᠮᠤᠵᠢ᠂ ᠬᠤᠨᠠᠨ ᠮᠤᠵᠢ᠂ ᠾᠧᠨᠠᠨ ᠮᠤᠵᠢ ᠳᠤ ᠬᠦᠷᠴᠦ᠂  ᠰᠢᠶᠠᠩ ᠲᠠᠨ ᠴᠠᠬᠢᠯᠭᠠᠨ ᠮᠠᠰᠢᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠱᠧᠨᠵᠧᠨ ᠬᠤᠲᠠ ᠶᠢᠨ ᠰᠢᠨ ᠸᠠᠩ  ᠡᠨᠧᠷᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠸᠠ ᠷᠦᠨ ᠴᠠᠬᠢᠯᠭᠠᠨ ᠬᠦᠴᠦᠨ ᠤ ᠬᠤᠪᠢ ᠡᠵᠡᠮᠳᠡᠬᠦ ᠬᠢᠵᠠᠭᠠᠷᠲᠤ ᠺᠣᠮᠫᠠᠨᠢ᠂ ᠭᠤᠸᠠᠩᠵᠧᠦ ᠶᠢᠨ ᠪᠠᠷᠠᠭᠤᠨ ᠣᠷᠣᠨ ᠤ ᠥᠨᠳᠥᠷ ᠳᠠᠷᠤᠯᠲᠠᠲᠤ ᠴᠠᠬᠢᠯᠭᠠᠨ ᠤ ᠵᠵᠠᠭᠠᠷᠲᠤ ᠺᠣᠮᠫᠠᠨᠢ ᠵᠡᠷᠭᠡ 8 ᠠᠵᠤ ᠠᠬᠤᠶᠢᠯᠠᠯ ᠢ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠠᠵᠤ ᠠᠬᠤᠶᠢᠯᠠᠯ ᠤᠨ ᠬᠥᠭᠵᠢᠯᠲᠡ  ᠂ ᠪᠦᠳᠦᠭᠡᠭᠳᠡᠬᠦᠨ ᠤ ᠦᠢᠯᠡᠳᠪᠦᠷᠢᠯᠡᠯ ᠪᠠ ᠪᠣᠷᠤᠯᠠᠭᠤᠯᠭ᠎ᠠ ᠵᠡᠷᠭᠡ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠲᠤᠬᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠲᠠᠢ ᠶᠠᠷᠢᠯᠴᠠᠨ ᠵᠦᠪᠯᠡᠪᠡ᠃ ᠵᠣᠣ ᠹᠧᠢ ᠫᠧᠩ ᠢᠯᠡᠷᠬᠡᠶᠢᠯᠡᠬᠦ ᠳᠡᠭᠡᠨ᠂ ᠲᠠᠶᠢᠹᠤᠰᠧ ᠬᠤᠰᠢᠭᠤᠨ ᠤ ᠬᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠥᠷᠥᠯ ᠵᠦᠢᠯ ᠤᠨ ᠤᠷᠤᠵᠤ ᠨᠤᠳᠤᠭᠰᠢᠬᠤ ᠳᠤ ᠬᠠᠮᠤᠭ ᠤᠨ ᠲᠥᠬᠦᠮ ᠨᠥᠬᠦᠴᠡᠯ ᠢ ᠬᠠᠩᠭᠠᠨ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠴᠢᠩᠭᠠᠳᠬᠠᠵᠤ᠂ ᠦᠢᠯᠡᠴᠢᠯᠡᠭᠡᠨ ᠤ ᠲᠦᠪᠰᠢᠨ ᠢᠶᠠᠨ ᠤᠯᠠᠮ ᠲᠡᠭᠡᠭᠰᠢᠯᠡᠬᠦᠯᠦᠨ᠂ ᠦᠢᠯᠡᠴᠢᠯᠡᠭᠡ ᠪᠠ ᠭᠤᠤᠯ ᠬᠦᠴᠦᠨ ᠵᠦᠢᠯ ᠤᠨ ᠪᠠᠲᠤᠯᠠᠭ᠎ᠠ ᠶᠢ ᠦᠨᠡᠨᠬᠦ ᠴᠢᠩᠭᠠᠳᠬᠠᠵᠤ᠂ ᠠᠵᠤ ᠠᠬᠤᠶᠢᠯᠠᠯ ᠤᠨ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠦᠢᠯᠡᠰ ᠪᠤᠰᠬᠠᠬᠤ ᠳᠤ ᠲᠡᠮᠵᠢᠯᠭᠡ ᠦᠵᠡᠬᠦᠯᠦᠨ᠂  ᠠᠵᠤ ᠠᠬᠤᠶᠢᠯᠠᠯ ᠯᠤᠭ᠎ᠠ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠬᠡᠵᠡᠢ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠭᠤᠸᠠᠩᠵᠧᠦ ᠬᠤᠳᠠ ᠶᠢᠨ ᠨᠠᠨ ᠱᠠ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ ᠲᠠᠢ ᠨᠢᠭᠲᠠ ᠬᠠᠷᠢᠯᠴᠠᠭ᠎ᠠ ᠪᠠᠶᠢᠭᠤᠯᠵᠤ᠂ ᠨᠠᠨ ᠱᠠ ᠲᠣᠭᠤᠷᠢᠭ ᠤᠨ  ᠦᠵᠡᠰᠬᠦᠯᠡᠩ ᠤᠨ ᠣᠷᠳᠣᠨ ᠢ ᠲᠣᠭᠤᠷᠢᠨ ᠦᠵᠡᠵᠦ  ᠂ ᠳᠠᠷᠠᠭᠠᠴᠢ ᠶᠢᠨ ᠠᠯᠬᠤᠮ ᠤᠨ ᠵᠣᠯᠭᠠᠭᠤᠯᠬᠤ ᠠᠵᠢᠯ   ᠳᠠᠭᠠᠨ ᠰᠠᠭᠤᠷᠢ ᠲᠠᠯᠪᠢᠭᠰᠠᠨ ᠪᠠᠶᠢᠨ᠎ᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠪᠠᠰᠠ ᠴᠠᠩᠱᠠ ᠶᠢᠨ ᠢᠦᠢ ᠴᠧᠩ ᠣᠷᠴᠢᠨ ᠲᠣᠭᠤᠷᠢᠨ ᠤ ᠦᠵᠡᠮᠵᠢ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠴᠠᠭᠠᠨ ᠰᠢᠯᠭᠠᠬᠤ ᠮᠡᠷᠭᠡᠵᠢᠯ ᠤᠨ ᠦᠢᠯᠡᠴᠢᠯᠡᠭᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠳᠠ ᠬᠢᠵᠦ᠂ ᠪᠡᠯᠡ ᠤᠷᠤᠭᠤᠯᠬᠤ ᠬᠠᠮᠲᠤᠷᠠᠯᠴᠠᠭᠠᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢ ᠶᠠᠷᠢᠯᠴᠠᠪᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号