ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠬᠡᠯᠵᠢᠳᠦ ᠬᠤᠷᠠᠯ ᠵᠢᠴᠢ ᠦᠶᠡᠷ ᠢ ᠰᠡᠷᠭᠡᠶᠢᠯᠡᠵᠦ  ᠭᠠᠮᠰᠢᠭ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2023/6/5
ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠪᠠ ᠦᠶᠡᠷ ᠢ ᠰᠡᠷᠭᠡᠶᠢᠯᠡᠨ ᠭᠠᠮᠰᠢᠭ ᠲᠠᠢ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠪᠠ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠡᠯ᠎ᠡ ᠲᠦᠷᠦᠯ ᠤᠨ ᠠᠵᠢᠯ ᠢ ᠪᠠᠶᠢᠷᠢᠯᠠᠭᠤᠯᠬᠤ ᠶᠢᠨ ᠲᠥᠯᠥᠭᠡ᠂ 6 ᠰᠠᠷ᠎ᠠ ᠶᠢᠨ 3 ᠤ ᠡᠳᠦᠷ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠦᠪᠯᠡᠯ ᠨᠢ 2023 ᠣᠨ ᠤ 6 ᠳ᠋ᠤᠭᠠᠷ ᠤᠳᠠᠭᠠᠨ ᠤ ᠡᠭᠡᠯᠵᠢᠲᠦ ᠬᠤᠷᠠᠯ ᠵᠢᠴᠢ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠪᠠ᠃   ᠶᠢᠨ ᠶᠦᠩ ᠾᠧ ᠬᠤᠷᠠᠯ ᠢ ᠡᠷᠬᠢᠯᠡᠵᠦ᠂   ᠴᠧᠨ ᠶᠠᠨ ᠪᠦᠦ ᠬᠤᠷᠠᠯ ᠳᠤ  ᠤᠷᠤᠯᠴᠠᠨ ᠶᠠᠷᠢᠶ᠎ᠠ ᠲᠠᠯᠪᠢᠵᠤ᠂ ᠰᠦᠨ ᠶᠠᠨ᠂ ᠸᠠᠩ ᠵᠢᠦᠢ ᠰᠢ᠂ ᠴᠢᠨ ᠢ ᠬᠤᠷᠠᠯ ᠳᠤ ᠤᠷᠤᠯᠴᠠᠵᠠᠢ᠃ ᠬᠤᠷᠠᠯ ᠠᠴᠠ᠂ ᠣᠲᠣ ᠶᠠᠭ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ  ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠠ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭᠠᠨ ᠶᠢᠨ ᠣᠷᠭᠢᠯ ᠬᠤᠭᠤᠴᠠᠭᠠᠨ ᠳᠤ ᠪᠠᠶᠢᠭ᠎ᠠ ᠪᠤᠯᠬᠤᠷ᠂ ᠡᠯ᠎ᠡ ᠰᠤᠮᠤ ᠰᠢᠶᠠᠩ ᠪᠠᠯᠭᠠᠰᠤ᠂  ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠦᠷᠦᠯ ᠪᠣᠯᠣᠨ ᠭᠤᠣᠯᠳᠠᠯᠭ᠎ᠠ ᠲᠠᠢ ᠭᠠᠵᠠᠷ ᠤᠷᠤᠨ ᠤ ᠲᠤᠰᠬᠠᠢ ᠳᠦᠷᠦᠯ ᠤᠨ ᠪᠠᠶᠢᠴᠠᠭᠠᠨ ᠴᠡᠭᠴᠡᠯᠡᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠨ ᠂ ᠬᠦᠨᠳᠦ ᠶᠡᠭᠡ ᠤᠰᠤᠯ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠭᠠᠯ ᠤᠨᠲᠠᠷᠠᠭᠠᠬᠤ᠂ ᠰᠤᠷᠭᠠᠭᠤᠯᠢ ᠶᠢᠨ ᠬᠦᠷᠢᠶ᠎ᠡ᠂ ᠵᠠᠮ ᠬᠠᠷᠢᠯᠴᠠᠭ᠎ᠠ᠂ ᠨᠡᠭᠦᠷᠡᠰᠦᠨ ᠤ ᠪᠤᠰᠤ ᠠᠭᠤᠷᠬᠠᠢ᠂ ᠪᠠᠷᠢᠯᠭ᠎ᠠ ᠶᠢᠨ ᠠᠵᠢᠯ᠂ ᠢᠳᠡᠭᠡᠨ ᠤᠮᠳᠠᠭᠠᠨ᠂ ᠣᠨᠴᠠ ᠲᠥᠷᠥᠯ ᠤᠨ ᠲᠥᠬᠦᠭᠡᠷᠦᠮᠵᠢ᠂ ᠰᠢᠨ᠎ᠡ ᠪᠠᠷ ᠮᠠᠨᠳᠤᠭᠰᠠᠨ ᠠᠵᠢᠯ ᠲᠥᠷᠥᠯ ᠵᠡᠷᠭᠡ ᠣᠯᠠᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠠᠳᠬᠤᠨ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠴᠢᠨᠠᠷ ᠢ ᠰᠠᠶᠢᠵᠢᠷᠠᠭᠤᠯᠵᠤ ᠬᠤᠷᠳᠤ ᠶᠢ ᠲᠦᠷᠭᠡᠳᠬᠡᠬᠦ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠡᠬᠦᠳᠬᠦ ᠭᠡᠷᠡᠭᠳᠡᠢ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠤᠢ ᠪᠤᠯᠭᠠᠨ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠠᠵᠢᠯ ᠤᠨ ᠬᠠᠮᠳᠤᠷᠠᠯ ᠬᠦᠴᠦᠨ ᠢ ᠪᠦᠷᠢᠯᠳᠦᠭᠦᠯᠵᠦ᠂ ᠦᠶᠡᠷ ᠠᠴᠠ ᠡᠮᠦᠨᠡᠬᠢ ᠪᠠᠶᠢᠴᠠᠭᠠᠯᠲᠠ ᠶᠢ ᠪᠥᠬᠦ ᠲᠠᠯ᠎ᠠ ᠪᠠᠷ ᠦᠷᠨᠢᠬᠦᠯᠦᠨ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂  ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ ᠴᠠᠭ ᠲᠤᠬᠠᠢ ᠳᠤᠨᠢ ᠨᠡᠶᠢᠳᠡᠯᠡᠨ ᠂ ᠪᠥᠬᠦ ᠬᠤᠰᠢᠭᠤᠨ ᠤ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠡᠯ᠎ᠡ ᠲᠦᠷᠦᠯ ᠤᠨ ᠪᠣᠳᠠᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ  ᠬᠠᠮᠠᠭᠠᠯᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ  ᠲᠡᠭᠡᠷ᠎ᠡ᠂ ᠬᠤᠪᠧᠢ ᠮᠤᠵᠢ ᠶᠢᠨ ᠾᠧ ᠹᠧᠩ ᠤᠨ ᠠᠭᠤᠷᠬᠠᠢ ᠨᠤᠷᠠᠬᠤ ᠳᠤ ᠠᠶᠤᠯ ᠠᠴᠠ ᠵᠠᠶᠢᠯᠠᠭᠰᠠᠨ ᠪᠤᠳᠠᠳᠤ ᠬᠡᠷᠡᠭ ᠤᠨ ᠵᠢᠱᠢᠶ᠎ᠡ ᠶᠢ ᠤᠯᠠᠮᠵᠢᠯᠠᠨ ᠰᠤᠷᠤᠯᠴᠠᠪᠠ᠃ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号