ᠵᠣᠣ ᠹᠧᠢ ᠫᠧᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠠᠬᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/6/5
  6 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ  ᠪᠤᠤᠴᠠᠩ ᠪᠠᠯᠭᠠᠰᠤ ᠂  ᠶᠦᠩ ᠹᠧᠩ ᠪᠠᠯᠭᠠᠰᠤ᠂ ᠬᠤᠩ ᠴᠢ ᠪᠠᠯᠭᠠᠰᠤᠨ ᠳᠤ ᠬᠦᠨᠵᠡᠬᠢᠨᠷᠡᠵᠦ᠂  ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠲᠥᠷᠥᠯ ᠵᠦᠢᠯ ᠤᠨ ᠲᠦᠰᠦᠪ ᠲᠥᠯᠥᠪᠯᠡᠭᠡ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠬᠡᠮᠵᠢᠶ᠎ᠡ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ᠂  ᠰᠡᠬᠦᠯᠴᠢ ᠶᠢᠨ ᠬᠤᠭᠤᠴᠠᠭᠠᠨ  ᠤ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠣᠣ ᠹᠧᠢ ᠫᠧᠩ ᠴᠢᠬᠤᠯᠠᠴᠢᠯᠠᠬᠤ ᠳᠠᠭᠠᠨ ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠠᠬᠢᠭᠤᠯᠬᠤ ᠪᠣᠯ ᠠᠮᠤ ᠪᠤᠳᠠᠭᠠᠨ ᠠᠶᠤᠯᠬᠦᠢ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃  ᠡᠷᠭᠡᠪᠰᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ᠂ ᠲᠥᠷᠥᠯ ᠵᠦᠢᠯ ᠤᠨ ᠲᠦᠰᠦᠪ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠬᠦᠯᠦᠨ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠬᠦᠯᠳᠡᠷᠵᠢᠬᠦᠯᠵᠦ᠂ ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠲᠥᠷᠥᠯ ᠵᠦᠢᠯ ᠤᠨ ᠪᠠᠶᠢᠭᠤᠯᠤᠯᠲᠠ ᠶᠢᠨ ᠬᠤᠭᠤᠴᠠᠭᠠᠨ ᠳᠤ᠂  ᠠᠶᠤᠯᠬᠦᠢ  ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠤᠣᠯᠳᠠᠯᠭ᠎ᠠ ᠲᠠᠢ ᠭᠠᠵᠠᠷ ᠣᠷᠣᠨ ᠤ ᠰᠡᠷᠡᠮᠵᠢᠯᠡᠭᠦᠯᠬᠦ ᠲᠡᠮᠳᠡᠭ᠂ ᠰᠡᠷᠭᠡᠶᠢᠯᠡᠨ ᠬᠠᠮᠠᠭᠠᠯᠠᠬᠤ ᠲᠦᠬᠦᠭᠡᠷᠦᠮᠵᠢ ᠶᠢ ᠴᠠᠭ ᠲᠤᠬᠠᠢ   ᠳᠤᠨᠢ ᠤᠭᠰᠠᠷᠠᠵᠤ᠂ ᠪᠦᠲᠦᠭᠡᠨ ᠪᠠᠶᠢᠭᠤᠯᠤᠯᠲᠠ ᠶᠢᠨ ᠠᠵᠢᠯ ᠤᠨ ᠠᠮᠤᠷ ᠲᠦᠪᠰᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃  ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠳᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠦᠷ᠎ᠡ ᠠᠮᠵᠢᠯᠳᠠ ᠶᠢ ᠪᠠᠳᠤᠳᠬᠠᠵᠤ᠂ ᠲᠠᠷᠢᠶᠠᠯᠠᠩ ᠤᠨ ᠣᠳᠣᠬᠢᠴᠢᠯᠠᠯᠲᠠ ᠶᠢᠨ ᠰᠠᠭᠤᠷᠢ ᠶᠢ ᠲᠠᠰᠤᠷᠠᠯᠲᠠ ᠦᠭᠡᠢ  ᠪᠠᠬᠢᠵᠢᠬᠦᠯᠦᠨ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠷᠲᠤ ᠬᠤᠭᠤᠴᠠᠭᠠᠨ ᠤ ᠦᠷ᠎ᠡ ᠠᠰᠢᠭ ᠢ ᠦᠨᠡᠨ ᠬᠦ ᠪᠠᠳᠠᠷᠠᠭᠤᠯᠵᠤ᠂ ᠲᠠᠷᠢᠶᠠᠯᠠᠩ ᠤᠨ  ᠦᠷ᠎ᠡ ᠠᠰᠢᠭ ᠤᠨ ᠨᠡᠮᠡᠭᠳᠡᠯ᠂ ᠲᠠᠷᠢᠶᠠᠴᠢᠳ ᠤᠨ ᠣᠷᠣᠯᠭ᠎ᠠ  ᠶᠢᠨ ᠨᠡᠮᠡᠭᠳᠡᠯ ᠢ   ᠠᠬᠢᠭᠤᠯᠬᠤ ᠬᠡᠷᠡᠭᠲᠡᠢ  ᠬᠡᠪᠡ᠃ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号