ᠴᠧᠨ ᠶᠠᠨ ᠪᠦᠦ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2023/6/5
   6 ᠰᠠᠷ᠎ᠠ ᠶᠢᠨ 4 ᠤ ᠡᠳᠦᠷ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠠᠷᠢᠶ᠎ᠠ ᠣᠷᠣᠨ ᠤ ᠪᠠᠨ ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠶᠢᠯᠠᠯ ᠳᠤ ᠬᠦᠨᠵᠡᠬᠡᠶᠢᠷᠡᠵᠦ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠵᠢᠴᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠡᠳ᠋ ᠬᠤᠰᠢᠭᠤ ᠳᠠᠷᠤᠭ᠎ᠠ ᠶᠢᠨ ᠶᠦᠩ ᠾᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠹᠧᠩ ᠲᠠᠢ ᠠᠭᠤᠷᠬᠠᠢ ᠶᠢᠨ ᠦᠢᠯᠡᠰ ᠲᠤ ᠬᠦᠷᠦᠭᠡᠳ᠂ ᠴᠧᠨ ᠶᠠᠨ ᠪᠦᠦ ᠬᠠᠷᠢᠭᠤᠴᠠᠯᠭᠠᠳᠠᠨ ᠪᠠ ᠠᠵᠢᠯᠳᠠᠳ   ᠲᠠᠢ ᠰᠠᠨᠠᠯ ᠢᠶᠠᠨ ᠰᠣᠯᠢᠯᠴᠠᠬᠤ᠂  ᠠᠭᠤᠷᠬᠠᠢ ᠶᠢᠨ ᠨᠦᠬᠡᠨ ᠳᠤ ᠤᠷᠤᠵᠤ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ ᠪᠦᠲᠦᠭᠡᠨ ᠪᠠᠶᠢᠭᠤᠯᠤᠯᠲᠠ ᠵᠢᠴᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ᠂ ᠠᠶᠤᠯᠬᠦᠢ ᠦᠢᠯᠡᠳᠪᠦᠷᠢᠯᠡᠯ ᠤᠨ ᠲᠦᠷᠢᠮ ᠲᠤᠭᠳᠠᠭᠠᠯ ᠢ ᠨᠠᠶᠢᠳᠠᠪᠤᠷᠢᠵᠢᠭᠤᠯᠤᠭᠰᠠᠨ  ᠂  ᠬᠡᠮ ᠰᠣᠭᠤᠭ ᠢ ᠪᠠᠶᠢᠴᠠᠭᠠᠨ ᠴᠡᠭᠴᠡᠯᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠠᠵᠤ ᠠᠬᠤᠶᠢᠯᠠᠯ ᠨᠢ ᠡᠷᠭᠡᠪᠰᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠨ᠂  ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠪᠠ ᠪᠠᠭᠤᠷᠠᠢ ᠲᠠᠯ᠎ᠠ ᠶᠢ ᠨᠢᠬᠳᠠ ᠠᠩᠬᠠᠷᠴᠤ᠂ ᠬᠡᠮ ᠰᠤᠭᠤᠭ ᠤᠨ ᠪᠠᠶᠢᠴᠠᠭᠠᠯᠳᠠ ᠴᠡᠭᠴᠡᠯᠡᠯᠳᠡ ᠶᠢ  ᠯᠠᠪᠳᠠᠭᠤᠨ ᠪᠠᠲᠤᠲᠠᠢ ᠦᠷᠨᠢᠬᠦᠯᠦᠨ᠂ ᠱᠠᠲᠤ ᠬᠤᠪᠢᠶᠠᠵᠤ ᠬᠠᠮᠢᠶᠠᠷᠤᠨ ᠡᠵᠡᠮᠳᠡᠬᠦ ᠪᠠ  ᠬᠡᠮ ᠰᠤᠭᠤᠭ ᠢ ᠪᠠᠶᠢᠴᠠᠭᠠᠨ ᠴᠡᠭᠴᠡᠯᠡᠬᠦ ᠳᠠᠪᠬᠤᠷ  ᠰᠡᠷᠭᠡᠶᠢᠯᠡᠯᠳᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂  ᠠᠶᠤᠯᠬᠦᠢ ᠦᠢᠯᠡᠳᠪᠦᠷᠢᠯᠡᠯ ᠤᠨ ᠠᠷᠭ᠎ᠠ  ᠲᠦᠷᠢᠮ ᠢ ᠪᠠᠷᠢᠯᠭ᠎ᠠ ᠶᠢᠨ ᠠᠵᠢᠯ ᠤᠨ ᠭᠤᠭᠴᠤᠭ᠎ᠠ ᠨᠢᠭᠡᠪᠦᠷᠢ ᠳᠤ ᠲᠤᠤᠱᠯᠠᠭᠤᠯᠤᠨ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠬᠦᠯᠬᠦ ᠭᠡᠷᠡᠭᠳᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯᠴᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠵᠣᠬᠢᠴᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠵᠤ ᠠᠬᠤᠶᠢᠯᠠᠯ ᠢ ᠵᠢᠯᠤᠭᠤᠳᠴᠤ ᠪᠠᠶᠢᠭᠠᠳ ᠡᠯ᠎ᠡ  ᠲᠦᠷᠦᠯ ᠤᠨ ᠠᠶᠤᠯᠬᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠤᠪᠢᠶᠠᠷᠢ ᠲᠣᠪᠴᠢᠶ᠎ᠠ᠂ ᠶᠦᠩ ᠹᠧᠩ ᠪᠠᠯᠭᠠᠰᠤ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号