ᠴᠠᠩᠫᠢᠩ ᠲᠤᠭᠤᠷᠢᠭ ᠤᠨ ᠬᠤᠶᠠᠷ ᠠᠵᠤ ᠠᠬᠤᠶᠢᠯᠠᠯ ᠲᠠᠶᠢᠹᠤᠰᠧ ᠬᠤᠰᠢᠭᠤᠨ ᠤ ᠲᠠᠷᠢᠶᠠᠴᠢᠳ ᠲᠤ ᠠᠮᠢᠳᠤᠷᠠᠯ ᠤᠨ ᠭᠡᠷᠡᠭᠰᠡᠯ ᠬᠠᠨᠳᠢᠪᠯᠠᠪᠠ
ᠨᠡᠶᠢᠲᠡᠯᠡᠭᠰᠡᠨ ᠴᠠᠭ᠄
2023/6/5
   6 ᠰᠠᠷ᠎ᠠ ᠶᠢᠨ 4 ᠤ ᠡᠳᠦᠷ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠡᠳ᠋ ᠬᠤᠰᠢᠭᠤ ᠳᠠᠷᠤᠭ᠎ᠠ ᠮᠠ ᠷᠦᠢ ᠮᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠡᠳ᠋ ᠬᠤᠰᠢᠭᠤ ᠳᠠᠷᠤᠭ᠎ᠠ ᠹᠠᠨ ᠬᠤᠸᠠ ᠮᠢᠨ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠨᠢᠭᠦᠯᠡᠰᠦᠩᠭᠦᠢ ᠶᠢᠨ ᠦᠢᠯᠡᠰ ᠤᠨ ᠲᠥᠪ ᠪᠠ ᠪᠡᠭᠡᠵᠢᠩ ᠤᠨ ᠵᠢᠶᠠ ᠰᠢᠨ ᠳ᠋ᠡ ᠱᠧᠩ ᠨᠢᠭᠲᠠᠯᠠᠨ ᠪᠤᠲᠤᠭᠴᠢ ᠶᠢᠨ ᠬᠡᠷᠡᠭ ᠡᠷᠬᠢᠯᠡᠬᠦ ᠭᠠᠵᠠᠷ ᠤᠨ ᠬᠢᠵᠠᠭᠠᠷᠲᠤ ᠺᠣᠮᠫᠠᠨᠢ ᠶᠢᠨ ᠬᠠᠨᠳᠢᠪᠯᠡᠭ᠌ᠰᠠᠨ ᠠᠮᠢᠳᠤᠷᠠᠯ ᠤᠨ ᠬᠡᠷᠡᠭᠰᠡᠯ ᠢ ᠶᠦᠩ ᠹᠧᠩ ᠪᠠᠯᠭᠠᠰᠤᠨ ᠤ  ᠮᠠᠨ ᠲᠸᠦ ᠭᠧᠦ ᠲᠣᠰᠬᠤᠨ ᠪᠠ ᠱᠠᠩ ᠫᠢ ᠹᠠᠩ ᠲᠣᠰᠬᠤᠨ ᠤ 80 ᠡᠷᠦᠬᠡ ᠬᠦᠴᠢᠷᠳᠡᠯ ᠲᠠᠢ ᠠᠷᠠᠳ ᠲᠤ ᠬᠦᠷᠭᠡᠵᠦ ᠭᠠᠷᠳᠠᠭᠤᠯᠵᠠᠢ᠃ ᠮᠠ ᠷᠦᠢ ᠮᠠᠨ᠂ ᠹᠠᠨ ᠬᠤᠸᠠ ᠮᠢᠨ ᠠᠴᠠ ᠬᠠᠯᠠᠭᠤᠨ ᠰᠡᠳᠬᠢᠯᠳᠦ ᠠᠵᠤ ᠠᠬᠤᠶᠢᠯᠠᠯ ᠤᠨ ᠬᠢᠨ ᠳᠤ ᠲᠠᠯᠠᠷᠬᠠᠯ ᠢᠯᠡᠷᠭᠡᠶᠢᠯᠡᠭᠰᠡᠨ ᠤ ᠬᠠᠮᠲᠤ᠂ ᠴᠠᠩᠫᠢᠩ ᠲᠣᠭᠤᠷᠢᠭ ᠤᠨ ᠬᠢᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ  ᠬᠠᠮᠳᠤᠷᠠᠯᠴᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂  ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠬᠥᠳᠡᠭᠡ ᠲᠣᠰᠬᠤᠨ ᠤ ᠬᠥᠭᠵᠢᠯᠲᠡ ᠵᠢᠴᠢ ᠬᠠᠶᠢᠷ᠎ᠠ ᠬᠠᠯᠠᠮᠵᠢ ᠬᠦᠷᠭᠡᠬᠦ  ᠵᠡᠷᠭᠡ ᠲᠠᠯ᠎ᠠ ᠪᠠᠷ ᠲᠠᠶᠢᠹᠤᠰᠧ ᠬᠤᠰᠢᠭᠤᠨ ᠳᠤ ᠬᠦᠴᠦᠲᠡᠢ ᠳᠡᠮᠵᠢᠯᠭᠡ ᠦᠵᠡᠭᠦᠯᠦᠭᠰᠡᠭᠡᠷ ᠢᠷᠡᠵᠡᠶ᠃ ᠬᠤᠶᠢᠰᠢᠳᠠ ᠨᠡᠩ ᠤᠯᠠᠨ ᠠᠵᠤ ᠠᠬᠤᠶᠢᠯᠠᠯ  ᠤᠨ ᠦᠷᠭᠦᠯᠵᠢᠯᠡᠨ ᠲᠤᠰᠠᠯᠠᠮᠵᠢ ᠦᠵᠡᠭᠦᠯᠵᠦ᠂  ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠬᠦᠴᠦᠨ  ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ ᠬᠠᠮᠳᠤᠷᠠᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ ᠨᠢ ᠬᠦᠴᠢᠷᠳᠡᠯᠲᠡᠢ ᠣᠯᠠᠨ ᠲᠦᠮᠡᠨ ᠳᠤ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠢ ᠬᠠᠯᠠᠮᠵᠢᠯᠠᠯ ᠪᠠ ᠣᠶᠤᠨ ᠰᠠᠨᠠᠭᠠᠨ ᠤ ᠲᠠᠯ᠎ᠠ ᠪᠠᠷ ᠬᠢ ᠵᠣᠷᠢᠭᠵᠢᠭᠤᠯᠤᠯ ᠢ ᠣᠯᠭᠤᠭᠰᠠᠨ ᠢᠶᠠᠷ ᠪᠠᠷᠠᠬᠤ ᠦᠭᠡᠢ᠂ ᠴᠠᠩᠫᠢᠩ ᠲᠣᠭᠤᠷᠢᠭ ᠪᠤᠯᠤᠨ ᠲᠠᠶᠢᠹᠤᠰᠧ ᠬᠤᠰᠢᠭᠤᠨ ᠤ ᠣᠯᠠᠨ ᠲᠦᠮᠡᠨ ᠤ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠤᠯᠠᠮ ᠨᠡᠮᠡᠭᠳᠡᠭᠦᠯᠵᠦ᠂ ᠲᠣᠰᠬᠤᠨ ᠤ ᠠᠷᠠᠳ ᠲᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠶᠦᠩ ᠹᠧᠩ ᠪᠠᠯᠭᠠᠰᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠨᠳᠢᠪ ᠬᠦᠷᠭᠡᠬᠦ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号