ᠬᠤᠩ ᠴᠢ ᠪᠠᠯᠭᠠᠰᠤ ᠬᠤᠷᠠᠯ ᠬᠢᠵᠦ ᠦᠶᠡᠷ ᠤᠰᠤᠳᠠᠯ ᠢ ᠰᠡᠷᠭᠡᠶᠢᠯᠡᠨ ᠭᠠᠩ ᠬᠠᠭᠰᠠᠷᠭᠠᠨ ᠲᠠᠢ ᠲᠡᠮᠡᠴᠡᠬᠦ ᠠᠵᠢᠯ ᠢ ᠪᠠᠶᠢᠷᠢᠯᠠᠭᠤᠯᠤᠭᠰᠠᠨ
ᠨᠡᠶᠢᠲᠡᠯᠡᠭᠰᠡᠨ ᠴᠠᠭ᠄
2023/6/5
   ᠣᠷᠣᠨ᠂  ᠠᠶᠢᠮᠠᠭ᠂ ᠬᠤᠰᠢᠭᠤ ᠭᠤᠷᠪᠠᠨ ᠱᠠᠲᠤᠨ ᠤ ᠦᠶᠡᠷ ᠤᠰᠤᠳᠠᠯ ᠢ ᠰᠡᠷᠭᠡᠶᠢᠯᠡᠨ ᠭᠠᠩ  ᠬᠠᠭᠰᠠᠷᠭᠠᠨ  ᠲᠠᠢ ᠲᠡᠮᠡᠴᠡᠬᠦ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠵᠤ᠂  ᠲᠤᠰ ᠪᠠᠯᠭᠠᠰᠤᠨ ᠤ  ᠪᠠᠨ  ᠦᠶᠡᠷ ᠤᠰᠤᠳᠠᠯ ᠢ ᠰᠡᠷᠭᠡᠶᠢᠯᠡᠨ ᠭᠠᠩ  ᠬᠠᠭᠰᠠᠷᠭᠠᠨ ᠲᠠᠢ ᠲᠡᠮᠡᠴᠡᠬᠦ ᠠᠵᠢᠯ ᠡᠭᠦᠷᠭᠡ ᠶᠢ ᠰᠠᠶᠢᠳᠤᠷ ᠪᠡᠶᠡᠯᠡᠬᠦᠯᠬᠦ ᠶᠢᠨ ᠲᠥᠯᠥᠭᠡ᠂ 6 ᠰᠠᠷ᠎ᠠ ᠶᠢᠨ 1 ᠤ ᠡᠳᠦᠷ ᠬᠤᠩ ᠴᠢ ᠪᠠᠯᠭᠠᠰᠤᠨ ᠤ ᠬᠢᠨ ᠦᠶᠡᠷ ᠤᠰᠤᠳᠠᠯ ᠢ ᠰᠡᠷᠭᠡᠶᠢᠯᠡᠨ ᠭᠠᠩ  ᠬᠠᠭᠰᠠᠷᠭᠠᠨ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠺᠠᠳ᠋ᠷᠴᠤᠳ ᠬᠤᠷᠠᠯ ᠳᠤ ᠣᠷᠣᠯᠴᠠᠵᠠᠢ᠃ ᠬᠤᠷᠠᠯ ᠠᠴᠠ᠂  ᠦᠶᠡᠷ ᠤᠰᠤᠳᠠᠯ ᠢ ᠰᠡᠷᠭᠡᠶᠢᠯᠡᠨ ᠭᠠᠩ  ᠬᠠᠭᠰᠠᠷᠭᠠᠨ ᠲᠠᠢ ᠲᠡᠮᠡᠴᠡᠬᠦ  ᠠᠵᠢᠯ ᠨᠢ  ᠠᠷᠠᠳ ᠤᠯᠠᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠬᠢᠭᠡᠳ ᠠᠮᠤ ᠪᠤᠳᠠᠭᠠᠨ ᠤ ᠠᠮᠤᠷ ᠲᠦᠪᠰᠢᠨ  ᠯᠤᠭ᠎ᠠ ᠬᠤᠯᠪᠤᠭᠳᠠᠵᠤ ᠪᠠᠶᠢᠭ᠎ᠠ ᠪᠤᠯᠬᠤᠷ᠂  ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠨ᠂  ᠬᠠᠷᠢᠭᠤᠴᠠᠯᠭ᠎ᠠ ᠶᠢ ᠤᠯᠠᠮ ᠢᠯᠡᠬᠦᠦ ᠪᠤᠳᠠᠳᠠᠶᠢᠵᠢᠭᠤᠯᠵᠤ᠂  ᠠᠯᠮᠠᠶᠢᠷᠠᠵᠤ ᠮᠢᠨᠴᠦᠭᠦᠷᠡᠬᠦ ᠠᠵᠠ ᠬᠠᠷᠠᠬᠤ ᠦᠵᠡᠯ ᠪᠤᠳᠤᠯ ᠢ ᠡᠷᠡᠰ ᠲᠡᠪᠴᠢᠨ᠂ ᠦᠶᠡᠷ ᠤᠰᠤᠳᠠᠯ ᠢ ᠰᠡᠷᠭᠡᠶᠢᠯᠡᠨ ᠭᠠᠩ  ᠬᠠᠭᠰᠠᠷᠭᠠᠨ ᠲᠠᠢ ᠲᠡᠮᠡᠴᠡᠬᠦ  ᠠᠵᠢᠯ ᠢ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃  ᠲᠡᠳ᠋ ᠪᠠᠯᠭᠠᠰᠤᠨ ᠳᠠᠷᠤᠭ᠎ᠠ ᠵᠢᠶᠠ ᠶᠠᠨ ᠴᠢᠬᠤᠯᠠᠴᠢᠯᠠᠬᠤ ᠳᠠᠭᠠᠨ᠂  ᠲᠤᠰᠬᠤᠨ ᠤ ᠺᠠᠳ᠋ᠷᠴᠤᠳ  ᠦᠶᠡᠷ ᠤᠰᠤᠳᠠᠯ ᠢ ᠰᠡᠷᠭᠡᠶᠢᠯᠡᠨ ᠭᠠᠩ  ᠬᠠᠭᠰᠠᠷᠭᠠᠨ ᠲᠠᠢ ᠲᠡᠮᠡᠴᠡᠬᠦ  ᠠᠵᠢᠯ ᠳᠤ ᠲᠥᠪ ᠴᠢᠩᠭ᠎ᠠ ᠨᠠᠷᠢᠨ ᠬᠢᠨᠠᠮᠠᠭᠠᠢ ᠮᠦᠷᠳᠡᠭᠡᠨ ᠰᠡᠷᠭᠡᠭ ᠢᠶᠠᠷ ᠬᠠᠨᠳᠤᠬᠤ ᠬᠡᠷᠡᠭᠲᠡᠢ᠃  ᠦᠶᠡᠷ ᠤᠰᠤᠳᠠᠯ ᠢ ᠰᠡᠷᠭᠡᠶᠢᠯᠡᠨ ᠭᠠᠩ  ᠬᠠᠭᠰᠠᠷᠭᠠᠨ ᠲᠠᠢ ᠲᠡᠮᠡᠴᠡᠬᠦ ᠠᠵᠢᠯ ᠤᠨ ᠡᠬᠦᠷᠭᠡ ᠬᠠᠷᠢᠭᠤᠴᠠᠯᠭ᠎ᠠ ᠬᠦᠨᠳᠦ ᠪᠠᠶᠢᠭ᠎ᠠ ᠪᠤᠯᠬᠤᠷ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂  ᠮᠡᠳᠡᠭᠡ ᠵᠠᠩᠬᠢ ᠶᠢᠨ ᠠᠵᠢᠯᠳᠠᠳ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠂ ᠲᠣᠰ ᠪᠡᠶ᠎ᠡ ᠶᠢᠨ ᠱᠠᠭᠠᠷᠳᠠᠯᠭ᠎ᠠ ᠪᠠᠨ ᠴᠢᠩᠭᠠᠳᠬᠠᠵᠤ᠂  ᠡᠨᠡ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠲᠡᠢ᠃  ᠬᠠᠮᠳᠤᠷᠠᠯ ᠤᠨ ᠬᠦᠴᠦᠨ ᠢ ᠨᠢᠬᠳᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ  ᠶᠢ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠪᠠᠨ ᠪᠤᠳᠠᠳᠠᠶᠢᠵᠢᠭᠤᠯᠵᠤ᠂ ᠢᠯᠠᠩᠭᠤᠶ᠎ᠠ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠦᠷᠦᠯ ᠵᠦᠢᠯ ᠳᠤ ᠬᠠᠨᠳᠤᠭᠤᠯᠤᠨ ᠭᠤᠣᠯᠳᠠᠯᠭ᠎ᠠ ᠲᠠᠢ ᠪᠠᠷ ᠰᠡᠷᠭᠡᠶᠢᠯᠡᠨ ᠬᠠᠮᠠᠭᠠᠯᠠᠵᠤ᠂ ᠤᠷᠢᠳᠴᠢᠯᠠᠨ ᠰᠡᠷᠡᠮᠵᠢᠯᠡᠭᠦᠯᠵᠦ᠂  ᠡᠷᠳᠡ ᠠᠴᠠ ᠪᠠᠶᠢᠷᠢᠯᠠᠭᠤᠯᠬᠤ ᠭᠡᠷᠡᠭᠳᠡᠢ᠃  ᠡᠯ᠎ᠡ ᠲᠣᠰᠬᠤᠨ ᠤ ᠬᠢᠨ ᠠᠵᠢᠯᠲᠠᠨ ᠤ ᠪᠡᠯᠡᠳᠬᠡᠯ᠂ ᠡᠳ᠋ ᠪᠣᠳᠠᠰ ᠤᠨ ᠨᠥᠭᠡᠴᠡ ᠵᠡᠷᠭᠡ ᠠᠵᠢᠯ ᠢ ᠰᠠᠶᠢᠲᠤᠷ ᠬᠢᠵᠦ᠂ ᠦᠶᠡᠷ ᠤᠨ ᠬᠤᠭᠤᠴᠠᠭ᠎ᠠ ᠶᠢ ᠠᠷᠭᠠᠴᠠᠬᠤ  ᠬᠢᠷᠢ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃  ᠬᠡᠮ ᠰᠣᠭᠤᠭ ᠢ ᠪᠥᠬᠦ ᠲᠠᠯ᠎ᠠ ᠪᠠᠷ ᠪᠠᠶᠢᠴᠠᠭᠠᠨ ᠠᠷᠢᠯᠭᠠᠵᠤ  ᠪᠦᠬᠦ ᠪᠠᠯᠭᠠᠰᠤᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠤᠯᠠᠬᠤ ᠭᠡᠷᠡᠭᠳᠡᠢ ᠬᠡᠵᠡᠢ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号