ᠲᠠᠶᠢᠹᠤᠰᠧ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠴᠠᠩᠫᠢᠩ ᠲᠣᠭᠤᠷᠢᠭ ᠲᠤ ᠲᠤᠭᠤᠷᠢᠨ ᠰᠤᠷᠤᠯᠴᠠᠵᠦ ᠲᠤᠷᠰᠢᠯᠭ᠎ᠠ ᠰᠤᠯᠢᠯᠴᠠᠭᠰᠠᠨ
ᠨᠡᠶᠢᠲᠡᠯᠡᠭᠰᠡᠨ ᠴᠠᠭ᠄
2023/6/6
  ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠤᠳᠬ᠎ᠠ ᠤᠷᠠᠯᠢᠭ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠤᠯᠠᠮ ᠴᠢᠩᠭᠠᠳᠬᠠᠵᠤ᠂ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ 6 ᠰᠠᠷ᠎ᠠ ᠶᠢᠨ 1 ᠤ ᠡᠳᠦᠷ ᠲᠠᠶᠢᠹᠤᠰᠧ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠮᠠ ᠷᠦᠢ ᠮᠠᠨ᠂ ᠤᠳᠬ᠎ᠠ ᠤᠷᠠᠯᠢᠭ ᠤᠨ  ᠬᠢᠨ ᠤ ᠬᠤᠯᠪᠣᠭ᠎ᠠ ᠶᠢᠨ ᠲᠡᠷᠢᠭᠦᠯᠡᠭᠴᠢ ᠵᠧᠩ ᡁᠢ ᠵᠢᠶᠦ᠋ᠨ ᠤ ᠳᠠᠭᠠᠭᠤᠯᠭ᠎ᠠ ᠪᠠᠷ ᠴᠠᠩᠫᠢᠩ ᠲᠣᠭᠤᠷᠢᠭ ᠲᠤ ᠬᠦᠷᠴᠦ ᠂ ᠬᠤᠶᠠᠷ ᠡᠳᠦᠷ ᠤᠨ ᠬᠤᠭᠤᠴᠠᠭ᠎ᠠ ᠲᠠᠢ ᠲᠤᠭᠤᠷᠢᠨ ᠰᠤᠷᠤᠯᠴᠠᠵᠤ ᠲᠤᠷᠰᠢᠯᠭ᠎ᠠ ᠰᠣᠯᠢᠯᠴᠠᠬᠤ ᠠᠵᠢᠯᠯᠠᠭ᠎ᠠ ᠥᠷᠨᠢᠭᠦᠯᠪᠡ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠴᠠᠩᠫᠢᠩ ᠲᠣᠭᠤᠷᠢᠭ ᠤᠨ ᠤᠳᠬ᠎ᠠ ᠤᠷᠠᠯᠢᠭ ᠤᠨ  ᠬᠢᠨ ᠤ ᠬᠤᠯᠪᠣᠭ᠎ᠠ ᠶᠢᠨ ᠭᠤᠣᠯ ᠬᠠᠷᠢᠭᠤᠴᠠᠯᠭᠠᠳᠠᠨ ᠤ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠪᠡᠭᠡᠵᠢᠩ ᠬᠤᠳᠠ ᠶᠢᠨ ᠢᠳᠡᠷ ᠵᠠᠯᠠᠭᠤ ᠤᠷᠠᠨ ᠪᠢᠴᠢᠯᠭᠡᠳᠡᠳ ᠤᠨ ᠪᠦᠲᠦᠭᠡᠯ ᠤᠨ ᠦᠵᠡᠰᠬᠦᠯᠡᠩ᠂  ᠢᠷᠡᠭᠡᠳᠦᠢ ᠶᠢᠨ ᠰᠢᠨ᠎ᠡ ᠬᠠᠷᠠᠭ᠎ᠠ ᠠᠵᠤ ᠦᠢᠯᠡᠰ ᠤᠨ ᠬᠦᠷᠢᠶᠡᠯᠡᠩ᠂  ᠪᠦᠦ ᠯᠦᠩ ᠤᠷᠠᠯᠢᠭ ᠤᠨ ᠬᠦᠷᠢᠶᠡᠯᠡᠩ ᠵᠡᠷᠭᠡ ᠶᠢ ᠲᠣᠭᠤᠷᠢᠨ ᠦᠵᠡᠭᠰᠡᠨ ᠪᠥᠭᠡᠳ ᠴᠠᠩᠫᠢᠩ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ  ᠂ ᠡᠯ᠎ᠡ ᠤᠳᠬ᠎ᠠ ᠤᠷᠠᠯᠢᠭ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠲᠠᠢ ᠶᠠᠷᠢᠯᠴᠠᠨ ᠵᠤᠭᠤᠭᠳᠠᠵᠤ ᠰᠠᠨᠠᠯ ᠢᠶᠠᠨ ᠰᠣᠯᠢᠯᠴᠠᠵᠠᠢ᠃ ᠶᠠᠷᠢᠯᠴᠠᠬᠤ ᠬᠤᠷᠠᠯ ᠳᠡᠭᠡᠷ᠎ᠡ᠂ ᠴᠠᠩᠫᠢᠩ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ᠰᠦᠨ ᠱᠢ ᠵᠢᠶᠦ᠋ᠨ ᠠᠴᠠ ᠲᠠᠶᠢᠹᠤᠰᠧ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠭᠡᠭᠰᠡᠨ ᠪᠦᠭᠡᠳ ᠬᠤᠶᠠᠷ ᠲᠠᠯ᠎ᠠ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠤᠳᠬ᠎ᠠ ᠤᠷᠠᠯᠢᠭ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭᠠᠨ ᠤ ᠦᠷ᠎ᠡ ᠪᠦᠲᠦᠭᠡᠯ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠨᠡᠶᠢᠭᠡᠮᠯᠢᠭ ᠤᠨ ᠬᠠᠮᠢᠶᠠᠷᠤᠯᠲᠠ ᠪᠠ ᠦᠢᠯᠡᠴᠢᠯᠡᠭᠡ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ᠂ ᠤᠳᠬ᠎ᠠ ᠤᠷᠠᠯᠢᠭ ᠤᠨ ᠲᠦᠷᠦᠯ ᠲᠡᠮᠳᠡᠭ ᠢ ᠡᠭᠦᠳᠬᠦ᠂  ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠬᠢᠬᠦ  ᠵᠢᠴᠢ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠤ᠂ ᠳᠠᠷᠠᠭᠠᠴᠢ ᠶᠢᠨ ᠠᠯᠬᠤᠮ  ᠤᠨ ᠬᠠᠮᠲᠤᠷᠠᠯᠴᠠᠭ᠎ᠠ ᠪᠠᠨ ᠬᠡᠷᠬᠢᠨ ᠴᠢᠩᠭᠠᠳᠬᠠᠬᠤ ᠲᠤᠬᠠᠢ ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ᠃ ᠲᠠᠷᠠᠭᠠᠴᠢ ᠪᠠᠷ᠂ ᠴᠠᠩᠫᠢᠩ ᠲᠣᠭᠤᠷᠢᠭ ᠪᠠ ᠲᠠᠶᠢᠹᠤᠰᠧ ᠬᠤᠰᠢᠭᠤ ᠨᠢ ᠤᠳᠬ᠎ᠠ ᠵᠣᠬᠢᠶᠠᠯ᠂ ᠤᠷᠠᠨ ᠪᠢᠴᠢᠯᠭᠡ᠂ ᠤᠷᠠᠨ ᠵᠢᠷᠤᠭ᠂ ᠳᠠᠭᠤᠤ ᠬᠥᠭᠵᠢᠮ᠂ ᠭᠡᠷᠡᠯ ᠵᠢᠷᠤᠭ ᠵᠡᠷᠭᠡ ᠬᠦᠷᠢᠶ᠎ᠡ ᠴᠠᠷᠠᠭᠠᠨ ᠳᠤ ᠪᠠᠶᠢᠩᠭᠤ ᠶᠢᠨ ᠴᠢᠨᠠᠷᠲᠠᠢ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠤᠳᠬ᠎ᠠ  ᠤᠷᠠᠯᠢᠭ ᠤᠨ ᠠᠵᠢᠯ ᠤᠨ ᠲᠦᠪᠰᠢᠨ ᠢ ᠬᠠᠮᠲᠤᠪᠠᠷ  ᠲᠡᠭᠡᠭᠰᠢᠯᠡᠬᠦᠯᠦᠨ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠦᠢᠯᠡᠰ ᠤᠨ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号