ᠲᠠᠶᠢᠹᠤᠰᠧ ᠬᠤᠰᠢᠭᠤ ᠠᠮᠤᠷ ᠲᠦᠪᠰᠢᠨ ᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/6/6
  ᠰᠤᠷᠤᠭᠴᠢᠳ ᠤᠨ ᠬᠠᠤᠯᠢᠵᠢᠯ ᠤᠨ ᠦᠵᠡᠯᠲᠡ ᠪᠣᠯᠣᠨ ᠬᠠᠤᠯᠢ ᠴᠠᠭᠠᠵᠠ ᠶᠢᠨ ᠤᠬᠠᠮᠰᠠᠷ ᠢ  ᠤᠯᠠᠮ ᠴᠢᠩᠭᠠᠳᠬᠠᠵᠤ᠂ ᠠᠮᠤᠷ ᠲᠦᠪᠰᠢᠨ᠂ ᠪᠣᠯᠪᠠᠰᠤᠨ ᠰᠠᠶᠢᠬᠠᠨ᠂ ᠡᠶ᠎ᠡ ᠵᠣᠬᠢᠴᠠᠩᠭᠤᠢ  ᠬᠢᠴᠢᠶᠡᠯ ᠰᠤᠷᠤᠯᠴᠠᠯᠭ᠎ᠠ ᠪᠠ ᠦᠰᠦᠯᠳᠡ ᠪᠤᠶᠢᠵᠢᠯᠳᠠ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂  ︽6.1︾ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠳᠤ ᠴᠢᠶᠠᠨ ᠶᠢᠨ ᠭᠧᠦ ᠪᠠᠯᠭᠠᠰᠤᠨ ᠤ ᠺᠠᠳ᠋ᠷ ᠠᠵᠢᠯᠳᠠᠳ ᠴᠢᠶᠠᠨ ᠶᠢᠨ ᠭᠧᠦ ᠲᠠᠮᠢᠷ ᠤᠨ ᠣᠷᠳᠣᠨ ᠳᠤ ᠬᠦᠷᠴᠦ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠭᠠᠷᠭᠠᠵᠤ ᠪᠠᠶᠢᠭᠰᠠᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠨᠢᠭᠡᠨ ᠣᠨᠴᠠᠭᠠᠢ ᠪᠡᠯᠡᠭ ︱ ᠰᠣᠨᠢᠷᠬᠠᠯᠲᠠᠢ ᠠᠮᠤᠷ ᠲᠦᠪᠰᠢᠨ ᠤ ᠬᠢᠴᠢᠶᠡᠯ ᠬᠦᠷᠭᠡᠭᠰᠡᠨ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠵᠠᠩ ᠵᠢᠶᠠᠨ ᠬᠤᠩ ᠠᠴᠠ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢ  ᠲᠦᠯᠦᠭᠡᠯᠡᠵᠦ᠂ ᠴᠢᠶᠠᠨ ᠶᠢᠨ ᠭᠧᠦ ᠪᠠᠭ᠎ᠠ ᠰᠤᠷᠭᠠᠭᠤᠯᠢ ᠶᠢᠨ ᠪᠦᠬᠦ ᠰᠤᠷᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠵᠥᠩᠨᠡᠯ ᠲᠡᠪᠰᠢᠬᠦᠯᠦᠭᠰᠡᠨ ᠤ ᠬᠠᠮᠳᠤ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠰᠠᠶᠢᠨ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠤᠯᠠᠮ  ᠴᠢᠩᠭᠠᠳᠬᠠᠵᠤ᠂ ᠨᠡᠩ ᠴᠢᠩᠭ᠎ᠠ ᠨᠢᠮᠪᠠᠢ ᠰᠤᠷᠲᠠᠯ᠂ ᠨᠡᠩ ᠰᠢᠨᠵᠢᠯᠡᠬᠦ ᠤᠬᠠᠭᠠᠨᠴᠢ ᠠᠷᠭ᠎ᠠ   ᠪᠠᠷ ᠡᠯ᠎ᠡ ᠲᠦᠷᠦᠯ ᠤᠨ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠠᠮᠤᠷ ᠲᠦᠪᠰᠢᠨ ᠪᠤᠰᠤ ᠬᠦᠴᠦᠨ ᠵᠦᠢᠯ ᠢ ᠲᠤᠶᠢᠯᠪᠤᠷᠢᠳᠠᠢ ᠠᠷᠢᠯᠭᠠᠨ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷᠯᠢᠭ ᠲᠦᠷᠭᠡᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠬᠡᠵᠦ ᠱᠠᠭᠠᠷᠳᠠᠪᠠ᠃ ᠳᠡᠳ᠋ ᠪᠠᠯᠭᠠᠰᠤᠨ ᠳᠠᠷᠤᠭ᠎ᠠ ᠪᠠᠢ ᠴᠧᠨ ᠰᠢ ᠠᠴᠠ ᠤᠰᠤᠨ ᠳᠤ ᠵᠢᠪᠬᠦ ᠶᠢ ᠰᠡᠷᠭᠡᠶᠢᠯᠡᠬᠦ᠂ ᠴᠠᠬᠢᠯᠭᠠᠨ ᠳᠤ ᠴᠤᠬᠢᠭᠳᠠᠬᠤ ᠶᠢ ᠰᠡᠷᠭᠡᠶᠢᠯᠡᠬᠦ᠂  ᠭᠠᠳᠠᠭᠤᠷᠴᠢᠯᠠᠯ ᠳᠣᠷᠣᠮᠵᠢᠯᠠᠯ ᠢ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠵᠡᠷᠭᠡ ᠮᠡᠳᠡᠯᠭᠡ ᠶᠢ ᠲᠠᠶᠢᠯᠪᠤᠷᠢᠯᠠᠵᠤ᠂ ᠬᠡᠷᠡᠭᠦᠯ ᠵᠣᠳᠣᠭᠠᠨ ᠬᠢᠬᠦ᠂ ᠳᠤᠷ᠎ᠠ ᠪᠠᠷ ᠢᠶᠠᠨ ᠤᠰᠤᠨ   ᠳᠤ ᠤᠮᠪᠠᠭ᠋ᠤ᠂ ᠴᠠᠬᠢᠯᠭᠠᠨ ᠲᠠᠢ ᠤᠶᠢᠷᠠᠳᠬᠤ᠂ ᠵᠠᠮ ᠬᠠᠷᠢᠯᠴᠠᠭᠠᠨ ᠤ ᠬᠠᠤᠯᠢ ᠲᠦᠷᠢᠮ ᠢ ᠦᠯᠦ ᠵᠢᠷᠤᠮᠯᠠᠬᠤ ᠵᠡᠷᠭᠡ ᠦᠢᠯᠡ ᠠᠵᠢᠯᠯᠠᠭᠠᠨ ᠤ ᠬᠤᠣᠷ ᠬᠥᠨᠥᠭᠡᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ  ᠲᠤᠳᠤᠷᠬᠠᠶᠢᠯᠠᠨ᠂ ᠰᠤᠷᠤᠭᠴᠢᠳ ᠲᠤ ᠬᠡᠷᠬᠢᠨ ᠥᠪᠡᠷ ᠢ ᠪᠠᠨ ᠬᠠᠮᠠᠭᠠᠯᠠᠬᠤ  ᠂ ᠬᠠᠤᠯᠢ ᠵᠦᠷᠢᠴᠡᠵᠦ ᠶᠠᠯ᠎ᠠ ᠬᠢᠬᠦ ᠶᠢ ᠰᠡᠷᠭᠡᠶᠢᠯᠡᠬᠦ᠂ ᠥᠪᠡᠷ ᠤᠨ ᠪᠡᠶ᠎ᠡ ᠶᠢᠨ ᠠᠮᠤᠷ ᠲᠦᠪᠰᠢᠨ ᠤ ᠪᠠᠨ ︽ᠨᠢᠭᠡᠳᠦᠭᠡᠷ ᠬᠠᠷᠢᠭᠤᠴᠠᠯᠭᠠᠲᠠᠨ︾ ᠪᠣᠯᠬᠤ ᠲᠤᠬᠠᠢ  ᠵᠢᠠᠭᠠᠭᠰᠠᠨ ᠪᠠᠶᠢᠨ᠎ᠠ᠃ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠨᠢ ᠬᠠᠤᠯᠢ ᠴᠠᠭᠠᠵᠠ ᠶᠢᠨ ᠡᠷᠡᠰ ᠪᠠᠲᠤ ᠰᠠᠬᠢᠨ ᠬᠠᠮᠠᠭᠠᠯᠠᠯᠲᠠ ᠠᠴᠠ ᠰᠠᠯᠵᠤ ᠴᠢᠳᠠᠰᠢ ᠦᠬᠡᠢ ᠶᠤᠮ᠃ ᠣᠶᠢᠷ᠎ᠠ ᠶᠢᠨ ᠵᠢᠯ ᠳᠤ᠂  ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠬᠠᠷᠢᠶ᠎ᠠ ᠣᠷᠣᠨ ᠤ ᠪᠠᠨ ᠰᠤᠷᠤᠭᠴᠢᠳ ᠤᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠣᠷᠳᠣᠨ᠂ ᠲᠣᠰᠬᠤᠨ᠂ ᠰᠤᠷᠭᠠᠭᠤᠯᠢ᠂ ᠭᠡᠷ ᠤᠨ ᠠᠬᠠᠮᠠᠳ ᠲᠦᠷᠪᠡᠨ ᠲᠠᠯ᠎ᠠ ᠶᠢᠨ ᠰᠠᠬᠢᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠲᠤᠪᠠᠷ ᠬᠠᠮᠠᠭᠠᠯᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢᠨ ᠬᠠᠮᠲᠤ᠂  ᠨᠠᠰᠤᠨ ᠳᠤ ᠦᠯᠦ ᠬᠦᠷᠦᠭᠰᠡᠳ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠠᠶᠢᠩᠭᠤ ᠥᠷᠨᠢᠭᠦᠯᠵᠦ᠂ ᠪᠦᠬᠦ ᠪᠠᠯᠭᠠᠰᠤᠨ ᠤ ᠰᠤᠷᠤᠭᠴᠢᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠰᠡᠳᠬᠢᠯ ᠲᠠᠯᠪᠢᠨ ᠰᠠᠬᠢᠨ ᠬᠠᠮᠠᠭᠠᠯᠠᠵᠤ ᠪᠤᠢ᠃ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂  ᠪᠠᠯᠭᠠᠰᠤᠨ ᠤ ᠺᠠᠳ᠋ᠷ ᠠᠵᠢᠯᠳᠠᠳ ᠠᠴᠠ ᠪᠠᠰᠠ ᠰᠤᠷᠤᠭᠴᠢᠳ ᠲᠤ ᠪᠠᠶᠠᠷ ᠤᠨ ᠡᠳᠦᠷ ᠤᠨ ᠪᠡᠯᠡᠭ ᠬᠦᠷᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号