ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠲᠠᠶᠢᠹᠤᠰᠧ ᠬᠤᠰᠢᠭᠤᠨ ᠤ ᠬᠡᠰᠡᠭ ᠤᠨ ᠲᠥᠷᠥᠯ ᠵᠦᠢᠯ ᠤᠨ ᠪᠠᠶᠢᠭᠤᠯᠤᠯᠲᠠ ᠡᠮᠬᠢ ᠵᠢᠷᠤᠮ ᠲᠠᠢ ᠠᠬᠢᠵᠤ ᠪᠠᠶᠢᠨ᠎ᠠ
ᠨᠡᠶᠢᠲᠡᠯᠡᠭᠰᠡᠨ ᠴᠠᠭ᠄
2023/6/6
  ᠣᠶᠢᠷ᠎ᠠ ᠳᠤ᠂ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠲᠠᠶᠢᠹᠤᠰᠧ ᠬᠤᠰᠢᠭᠤᠨ ᠤ ᠬᠡᠰᠡᠭ ᠤᠨ ᠲᠥᠷᠥᠯ ᠵᠦᠢᠯ ᠤᠨ ᠪᠠᠶᠢᠭᠤᠯᠤᠯᠲᠠ ᠶᠢᠨ ᠠᠬᠤᠢ ᠲᠠᠯᠠᠪᠠᠶ ᠳᠤ᠂ ᠠᠵᠢᠯᠴᠢᠳ ᠤᠳᠠᠰᠤ ᠱᠤᠭᠤᠮ ᠲᠠᠳᠠᠵᠤ᠂ ᠵᠦᠭ ᠴᠢᠭ ᠲᠤᠭᠳᠠᠭᠠᠬᠤ ᠵᠡᠷᠭᠡ ᠡᠯ᠎ᠡ ᠵᠦᠢᠯ ᠤᠨ ᠠᠵᠢᠯ ᠢ ᠡᠮᠬᠢ ᠴᠡᠭᠴᠡ ᠲᠠᠢ ᠥᠷᠨᠢᠭᠦᠯᠵᠦ᠂ ᠲᠥᠷᠥᠯ ᠵᠦᠢᠯ ᠤᠨ ᠪᠠᠶᠢᠭᠤᠯᠤᠯᠲᠠ ᠶᠢ ᠠᠯᠬᠤᠮ ᠲᠠᠷᠠᠭᠠᠯᠠᠯ ᠲᠠᠢ ᠠᠬᠢᠭᠤᠯᠵᠤ ᠪᠠᠶᠢᠨ᠎ᠠ᠃    ᠰᠢᠪᠠᠷ ᠰᠢᠷᠣᠢ ᠶᠢᠨ ᠪᠠᠷᠢᠯᠭ᠎ᠠ ᠶᠢᠨ ᠭᠠᠵᠠᠷ ᠤᠨ ᠲᠠᠷᠤᠭ᠎ᠠ ᠯᠢᠦ ᠵᠧᠨ᠄  ︽ᠣᠳᠣᠬᠠᠨ ᠳᠤ ᠰᠠᠭᠤᠷᠢ ᠪᠠᠷᠢᠯᠭ᠎ᠠ ᠶᠢᠨ ᠠᠵᠢᠯ ᠢ ᠬᠢᠵᠦ ᠪᠤᠢ  ᠵᠠᠯᠭᠠᠭᠠᠳ ᠭᠤᠣᠯ ᠴᠣᠭᠴᠠ ᠶᠢᠨ ᠪᠠᠷᠢᠯᠭ᠎ᠠ ᠶᠢ ᠡᠬᠢᠯᠡᠨ᠎ᠡ᠃ ᠰᠢᠯᠢᠳᠡᠭ ᠢ ᠬᠥᠭᠡᠭᠡᠴᠡᠯᠳᠦᠵᠦ᠂ ᠵᠣᠷᠢᠭᠲᠠᠢ ᠪᠠᠷ ᠳᠠᠪᠠᠭ᠋ᠤ ᠪᠤᠯ ᠮᠠᠨ ᠤ ᠺᠣᠮᠫᠠᠨᠢ ᠶᠢᠨ ᠤᠷᠢᠶ᠎ᠠ  ᠪᠣᠯᠣᠨ᠎ᠠ᠃  ᠪᠦᠬᠦᠶᠢᠯᠡ ᠪᠠᠷᠢᠯᠭ᠎ᠠ ᠶᠢᠨ ᠠᠵᠢᠯ ᠤᠨ ᠳᠤᠮᠳᠠ ᠪᠢᠳᠡ ᠥᠨᠳᠥᠷ ᠪᠠᠷᠢᠮᠵᠢᠶ᠎ᠠ᠂ ᠥᠨᠳᠥᠷ ᠴᠢᠨᠰᠠᠭ᠎ᠠ᠂ ᠥᠨᠳᠥᠷ ᠱᠠᠭᠠᠷᠳᠠᠯᠭ᠎ᠠ᠂ ᠥᠨᠳᠥᠷ ᠬᠡᠪ ᠪᠣᠯᠪᠠᠰᠤᠷᠠᠯ ᠲᠠᠢ ᠪᠠᠶᠢᠬᠤ ᠵᠠᠷᠴᠢᠮ ᠢᠶᠠᠷ ᠪᠠᠷᠢᠯᠭ᠎ᠠ ᠶᠢᠨ ᠡᠭᠦᠷᠭᠡ ᠶᠢ ᠰᠠᠶᠢᠨ ᠪᠡᠶᠡᠯᠡᠭᠦᠯᠦᠨ᠎ᠡ︾᠃    ᠣᠶᠢᠯᠠᠭᠠᠭᠰᠠᠨ ᠢᠶᠠᠷ᠂ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠲᠠᠶᠢᠹᠤᠰᠧ ᠬᠤᠰᠢᠭᠤᠨ ᠤ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠨᠢ 5 ᠰᠠᠷ᠎ᠠ   ᠶᠢᠨ 19 ᠤ ᠡᠳᠦᠷ ᠵᠢᠩᠬᠢᠨᠢ ᠪᠠᠷ   ᠡᠬᠢᠯᠡᠵᠦ᠂ ᠢᠨᠵᠧᠨᠧᠷᠢᠩ ᠢ ᠳᠤᠮᠳᠠᠳᠤ ᠤᠯᠤᠰ ᠤᠨ ᠲᠡᠮᠦᠷ ᠵᠠᠮ ᠤᠨ ᠴᠠᠬᠢᠯᠭᠠᠨᠵᠢᠭᠤᠯᠤᠯᠲᠠ   ᠶᠢᠨ ᠲᠣᠪᠴᠢᠶ᠎ᠠ  ᠠᠴᠠ ᠲᠠᠭᠠᠭᠠᠴᠢᠯᠠᠨ ᠭᠡᠷᠡᠭᠵᠢᠬᠦᠯᠵᠡᠢ᠃  ᠲᠠᠶᠢᠹᠤᠰᠧ ᠬᠤᠰᠢᠭᠤᠨ ᠤ ᠬᠢᠯᠢ ᠳᠠᠬᠢ ᠪᠦᠬᠦ ᠣᠷᠳᠣ ᠨᠢ 9.916 ᠺᠢᠯᠣᠮᠧᠲᠷ ᠪᠠᠶᠢᠵᠤ᠂  ᠴᠢᠶᠠᠨ ᠶᠢᠨ ᠭᠧᠦ ᠪᠠᠯᠭᠠᠰᠤᠨ ᠤ ᠰᠢ ᠱᠠᠨ ᠫᠦᠸᠧ᠂ ᠲᠧᠦ ᠬᠤᠤ᠂ ᠰᠧ ᠯᠢᠶᠠᠨ᠂  ᠮᠤ᠋ ᠴᠠᠩ ᠵᠡᠷᠭᠡ ᠳᠥᠷᠪᠡᠨ ᠲᠣᠰᠬᠤᠨ ᠢᠶᠠᠷ ᠦᠩᠭᠡᠷᠡᠨ᠎ᠡ᠃ 2026 ᠣᠨ ᠤ 12 ᠰᠠᠷ᠎ᠠ ᠳᠤ ᠪᠠᠶᠢᠭᠤᠯᠵᠤ ᠳᠠᠭᠤᠰᠬᠠᠬᠤ ᠪᠠᠷ ᠵᠢᠱᠢᠵᠦ  ᠪᠤᠢ᠃ ᠲᠣᠰ ᠲᠡᠮᠦᠷ ᠵᠠᠮ ᠨᠢ ᠲᠠᠶᠢᠹᠤᠰᠧ ᠬᠤᠰᠢᠭᠤᠨ ᠤ ᠣᠷᠳᠣ ᠬᠤᠭᠤᠴᠠᠭᠠᠨ ᠤ ᠲᠤᠷᠰᠢ ᠲᠡᠮᠦᠷ ᠵᠠᠮ ᠪᠠᠶᠢᠭᠰᠠᠨ ᠦᠭᠡᠢ ᠬᠦᠴᠢᠷᠳᠡᠯ ᠢ ᠰᠢᠢᠳᠪᠦᠷᠢᠯᠡᠵᠦ᠂  ᠭᠠᠵᠠᠷ ᠣᠷᠣᠨ ᠤ ᠵᠠᠮ ᠬᠠᠷᠢᠯᠴᠠᠭᠠᠨ ᠤ ᠰᠦᠯᠵᠢᠶ᠎ᠡ ᠶᠢ ᠲᠡᠭᠦᠯᠳᠡᠷᠵᠢᠭᠦᠯᠬᠦ᠂ ᠲᠠᠶᠢᠹᠤᠰᠧ ᠬᠤᠰᠢᠭᠤᠨ ᠠᠴᠠ ᠪᠡᠭᠡᠵᠢᠩ ᠣᠷᠣᠬᠤ  ᠴᠠᠭ ᠢ ᠪᠤᠭᠤᠨᠢᠰᠬᠠᠬᠤ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号