ᠶᠦᠩ ᠹᠧᠩ ᠪᠠᠯᠭᠠᠰᠤ ᠨᠠᠮ ᠤᠨ ᠶᠠᠪᠤᠳᠠᠯ ᠢ ᠢᠯᠡ ᠪᠣᠯᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/6/6
  ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠤᠯᠠᠮ ᠴᠢᠨᠠᠭᠰᠢᠳᠠ ᠴᠢᠩᠭᠠᠳᠬᠠᠨ ᠲᠦᠷᠢᠮᠵᠢᠬᠦᠯᠵᠦ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠢᠳᠡᠪᠬᠢᠲᠡᠢ ᠬᠥᠭᠵᠢᠭᠦᠯᠦᠨ᠂ ᠨᠠᠮ ᠤᠨ ᠳᠣᠲᠣᠭᠠᠳᠤ ᠶᠢᠨ ᠬᠢᠨᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠥᠷᠭᠡᠨ ᠣᠯᠠᠨ ᠨᠠᠮ ᠤᠨ ᠭᠡᠰᠢᠬᠦᠳ ᠲᠤ ᠨᠠᠮ ᠤᠨ ᠳᠣᠲᠣᠭᠠᠳᠤ ᠶᠢᠨ ᠬᠡᠷᠡᠭ ᠶᠠᠪᠤᠳᠠᠯ ᠢ  ᠤᠯᠠᠮ ᠰᠠᠶᠢᠨ ᠤᠶᠢᠯᠠᠭᠠᠭᠤᠯᠬᠤ ᠶᠢᠨ ᠲᠥᠯᠥᠭᠡ᠂ 6 ᠰᠠᠷ᠎ᠠ ᠶᠢᠨ 2 ᠤᠨ ᠡᠳᠦᠷ  ᠶᠦᠩ ᠹᠧᠩ ᠪᠠᠯᠭᠠᠰᠤᠨ ᠤ ᠬᠢᠨ ᠨᠠᠮ ᠤᠨ ᠶᠠᠪᠤᠳᠠᠯ ᠢ ᠢᠯᠡ ᠪᠣᠯᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠭᠢᠯᠡᠵᠦ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ᠂  ︽ᠬᠤᠶᠠᠷ ᠵᠥᠪᠯᠡᠯ︾ ᠤᠨ ᠭᠡᠰᠢᠭᠦᠨ ᠵᠡᠷᠭᠡ 50 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃  ᠪᠤᠯᠪᠠᠰᠤᠷᠠᠯ ᠲᠡᠭᠡᠷ᠎ᠡ᠂ ︽ᠶᠦᠩ ᠹᠧᠩ ᠪᠠᠯᠭᠠᠰᠤᠨ ᠤ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ   ᠬᠡᠷᠡᠭᠵᠢᠭᠦᠯᠬᠦ ᠲᠦᠰᠦᠪ︾ ᠢ ᠲᠠᠶᠢᠯᠪᠤᠷᠢᠯᠠᠨ᠂ ᠢᠯᠡ ᠪᠣᠯᠭᠠᠬᠤ ᠭᠠᠷᠴᠠᠭ᠂ ᠢᠯᠡ ᠪᠣᠯᠭᠠᠬᠤ ᠶᠠᠪᠤᠴᠠ᠂ ᠮᠡᠳᠡᠭᠡ ᠵᠠᠩᠭᠢ ᠨᠡᠶᠢᠲᠡᠯᠡᠬᠦ  ᠪᠠ ᠬᠢᠨᠠᠨ ᠬᠠᠷᠭᠤᠭᠤᠯᠬᠤ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠭᠰᠡᠨ ᠪᠥᠭᠡᠳ ᠲᠤᠬᠠᠢ ᠶᠢᠨ ᠲᠠᠯᠠᠪᠤᠷ ᠲᠤ ᠰᠣᠷᠢᠯᠲᠠ ᠬᠢᠭᠰᠡᠨ ᠪᠠᠶᠢᠨ᠎ᠠ᠃  ᠪᠤᠯᠪᠠᠰᠤᠷᠠᠯ ᠳᠤ ᠤᠷᠤᠯᠴᠠᠭᠰᠠᠨ ᠨᠠᠮ ᠤᠨ ᠬᠤᠷᠢᠶᠠᠨ ᠤ ᠳᠡᠳ᠋ ᠱᠦᠵᠢ ᠠᠴᠠ᠂ ᠨᠢᠭᠡ ᠳᠤ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠨ᠂ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠡᠬᠦᠯᠵᠦ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠨ᠂ ᠨᠡᠶᠢᠲᠡᠯᠢᠭ  ᠵᠢᠱᠢᠶᠡᠨ ᠤ ᠦᠢᠯᠡᠳᠦᠯ ᠢ ᠪᠠᠳᠠᠷᠠᠭᠤᠯᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠰᠠᠶᠢᠨ ᠰᠠᠶᠢᠬᠠᠨ ᠠᠭᠤᠷ ᠠᠮᠢᠰᠬᠤᠯ ᠢ  ᠪᠤᠢ ᠪᠤᠯᠭᠠᠬᠤ ᠭᠡᠷᠡᠭᠳᠡᠢ᠃ ᠬᠤᠶᠠᠷ ᠲᠤ ᠢᠯᠡ ᠪᠣᠯᠭᠠᠬᠤ ᠬᠡᠯᠪᠡᠷᠢ ᠶᠢᠨ ᠰᠢᠨ᠎ᠡ ᠶᠢ  ᠡᠬᠦᠳᠦᠨ᠂  ᠰᠠᠶᠢᠨ ᠠᠷᠭ᠎ᠠ ᠲᠤᠷᠰᠢᠯᠭ᠎ᠠ ᠶᠢ ᠲᠡᠯᠬᠡᠷᠡᠬᠦᠯᠵᠦ ᠂ ᠢᠯᠡ ᠪᠣᠯᠭᠠᠬᠤ ᠠᠷᠭ᠎ᠠ ᠮᠠᠶ᠋ᠢᠭ᠂ ᠢᠯᠡ ᠪᠣᠯᠭᠠᠬᠤ ᠠᠯᠬᠤᠮ ᠶᠠᠪᠤᠴᠠ ᠵᠡᠷᠭᠡ ᠲᠠᠯ᠎ᠠ ᠪᠠᠷ ᠢᠳᠡᠪᠬᠢᠲᠡᠢ ᠰᠦᠪᠡᠭᠴᠢᠯᠡᠨ᠂ ᠰᠡᠳᠬᠢᠴᠡ ᠪᠠᠨ ᠦᠷᠭᠡᠳᠭᠡᠵᠦ᠂ ᠨᠠᠮ ᠤᠨ ᠶᠠᠪᠤᠳᠠᠯ ᠢ ᠢᠯᠡ ᠪᠣᠯᠭᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠭᠤᠷᠪᠠ ᠳᠤ ᠡᠯ᠎ᠡ ᠲᠥᠷᠥᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠢᠯᠡ ᠪᠣᠯᠭᠠᠬᠤ ᠳᠦᠷᠢᠮ ᠲᠤᠭᠳᠠᠭᠠᠯ ᠢ ᠲᠡᠬᠦᠯᠳᠡᠷᠵᠢᠬᠦᠯᠦᠨ᠂ ᠪᠠᠯᠭᠠᠰᠤ ᠲᠤᠰᠬᠤᠨ ᠬᠤᠶᠠᠷ ᠱᠠᠲᠤᠨ ᠤ ᠺᠠᠳ᠋ᠷᠴᠤᠳ ᠢ ᠲᠠᠶᠢᠴᠢᠯᠠᠵᠤ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠨ ᠪᠠᠶᠢᠴᠠᠭᠠᠬᠤ ᠶᠢᠨ ᠬᠠᠮᠲᠤ ᠤᠳᠤᠷᠢᠳᠬᠤ ᠳᠤᠭᠤᠶᠢᠯᠠᠩ ᠳᠤ ᠴᠠᠭ ᠲᠤᠬᠠᠢ ᠳᠤᠨᠢ ᠬᠠᠷᠢᠭᠤ ᠲᠤᠰᠬᠠᠵᠤ᠂ ᠨᠠᠷᠢᠨ ᠬᠢᠨᠠᠮᠠᠭᠠᠢ ᠰᠤᠳᠤᠯᠬᠤ ᠪᠠᠷ ᠲᠠᠮᠵᠢᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠭᠡᠷᠡᠭᠳᠡᠢ᠃ ᠳᠥᠷᠪᠡ ᠳᠤ ᠬᠢᠨᠠᠯᠲᠠ ᠪᠠᠶᠢᠴᠠᠭᠠᠯᠳᠠ ᠶᠢ ᠴᠢᠩᠭᠠᠳᠬᠠᠨ᠂ ᠢᠯᠡ ᠪᠣᠯᠭᠠᠬᠤ ᠠᠭᠤᠯᠭ᠎ᠠ ᠶᠢ  ᠲᠦᠷᠢᠮᠵᠢᠬᠦᠯᠵᠦ᠂ ᠴᠠᠭ ᠲᠤᠬᠠᠢ ᠳᠤᠨᠢ ᠢᠯᠡ ᠪᠣᠯᠭᠠᠭᠰᠠᠨ ᠦᠭᠡᠢ᠂ ᠲᠣᠭᠲᠠᠭᠠᠯ ᠶᠣᠰᠣᠭᠠᠷ ᠢᠯᠡ ᠪᠣᠯᠭᠠᠭᠰᠠᠨ ᠦᠭᠡᠢ᠂ ᠢᠯᠡ ᠪᠣᠯᠭᠠᠬᠤ ᠶᠢ ᠲᠡᠪᠴᠢᠭᠰᠡᠨ ᠪᠠ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠳ ᠢ ᠰᠢᠭᠦᠮᠵᠢᠯᠡᠨ ᠰᠤᠷᠭᠠᠵᠤ᠂ ᠬᠤᠭᠤᠴᠠᠭ᠎ᠠ ᠲᠤᠭᠳᠠᠵᠤ ᠴᠡᠭᠴᠡᠯᠡᠨ ᠰᠠᠶᠢᠵᠢᠷᠠᠭᠤᠯᠬᠤ ᠭᠡᠷᠡᠭᠳᠡᠢ  ᠂ ᠬᠦᠨᠳᠦ ᠨᠣᠴᠢᠲᠠᠢ ᠦᠷ᠎ᠡ  ᠨᠦᠯᠦᠭᠡ ᠭᠠᠷᠭᠠᠭᠰᠠᠨ ᠪᠤᠯ ᠪᠠᠶᠢᠴᠠᠭᠠᠨ ᠰᠢᠢᠳᠪᠦᠷᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号