ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠵᠢᠴᠢ ᠲᠠᠷᠠᠭᠠᠴᠢ ᠶᠢᠨ | ᠠᠯᠬᠤᠮ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠪᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠬᠠᠤᠯᠢ ︵ᠡᠬᠡ ᠨᠣᠣᠷᠠᠭ︶︾ ᠶᠢ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ | 6 ᠳ᠋ᠤᠭᠠᠷ ᠰᠠᠷ᠎ᠠ ᠶᠢᠨ 2 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠵᠢᠴᠢ ᠲᠠᠷᠠᠭᠠᠴᠢ ᠶᠢᠨ ᠠᠯᠬᠤᠮ ᠤᠨ | ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠰᠤᠳᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠠᠤᠯᠢ ︵ᠡᠬᠡ ᠨᠣᠣᠷᠠᠭ︶︾ ᠶᠢ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠭᠠᠰᠢ ᠮᠠᠨ ᠤ ᠤᠯᠤᠰ ᠤᠨ ᠠᠵᠤ ᠠᠬᠤᠢ ᠶᠢᠨ | ᠠᠵᠢᠯᠯᠠᠭᠠᠨ ᠰᠠᠶᠢᠨ ᠡᠬᠢᠯᠡᠯᠲᠡ ᠲᠠᠢ ᠪᠣᠯᠤᠭᠰᠠᠨ ᠪᠣᠯᠪᠠᠴᠤ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ | ᠪᠠᠬᠢ ᠪᠢᠰᠢ ᠪᠠᠶᠢᠭᠰᠠᠭᠠᠷ ᠶᠤᠮ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ | ᠬᠤᠳᠠᠯᠳᠤᠭᠠᠯᠠᠬᠤ ᠣᠷᠴᠢᠨ ᠨᠦᠬᠦᠴᠡᠯ ᠢ ᠪᠤᠢ ᠪᠣᠯᠭᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠨᠡᠶᠢᠭᠡᠮ ᠤᠨ ᠵᠢᠱᠢᠯᠲᠡ ᠶᠢ | ᠤᠯᠠᠮ ᠴᠢᠨᠠᠭᠰᠢᠳᠠ ᠲᠣᠭᠲᠠᠪᠤᠷᠢᠵᠢᠭᠤᠯᠤᠨ᠂ ᠬᠥᠭᠵᠢᠯᠲᠡ ᠶᠢᠨ ᠢᠲᠡᠭᠡᠯ ᠢ ᠳᠠᠶᠢᠴᠢᠯᠠᠵᠤ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠳᠡᠭᠡᠭᠰᠢᠯᠡᠵᠦ | ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ | ᠠᠬᠤᠶᠢᠯᠠᠯ ᠤᠨ ᠲᠤᠰᠬᠠᠭᠰᠠᠨ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ | ᠪᠣᠳᠠᠲᠤ ᠬᠡᠷᠡᠭᠴᠡᠭᠡ ᠠᠴᠠ ᠡᠭᠦᠰᠴᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠶᠢ ᠠᠭᠤᠵᠢᠭᠤ ᠲᠠᠯᠪᠢᠬᠤ᠂ | ᠭᠤᠣᠯᠴᠢ ᠥᠷᠢᠰᠦᠯᠳᠦᠭᠡᠨ ᠢ ᠠᠬᠢᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ᠂ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨᠡᠨ ᠬᠦ | ᠬᠡᠷᠡᠭᠯᠡᠭᠦᠰᠢᠲᠡᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠯᠦᠭ ᠤᠳᠠᠭ᠎ᠠ ᠬᠤᠪᠢᠶᠠᠨ ᠲᠦᠷᠭᠡᠪᠴᠢᠯᠡᠨ | ᠨᠡᠶᠢᠲᠡᠯᠡᠬᠦ ᠶᠢᠨ ᠬᠠᠮᠲᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠭᠤᠣᠯᠳᠠᠯᠭ᠎ᠠ ᠲᠠᠢ ᠬᠦᠷᠢᠶᠡᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠲᠦᠷᠦ ᠶᠢᠨ ᠪᠣᠳᠣᠯᠭ᠎ᠠ ᠶᠢᠨ ᠪᠦᠲᠦᠮᠵᠢᠲᠦ ᠴᠢᠨᠠᠷ ᠢ ᠦᠨᠡᠨ | ᠬᠦ ᠴᠢᠩᠭᠠᠷᠠᠭᠤᠯᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠬᠦᠴᠦᠯᠡᠨ ᠴᠢᠩᠭᠠᠳᠬᠠᠵᠤ᠂ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢᠨ ᠲᠦᠭᠵᠢᠷᠡᠯ ᠢ ᠨᠠᠪᠲᠠᠷᠡᠭᠦᠯᠵᠦ᠂ ᠲᠦᠷᠦ ᠶᠢᠨ ᠪᠣᠳᠣᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠤ ᠠᠬᠤᠶᠢᠯᠠᠯ ᠢ ᠨᠡᠩ ᠤᠯᠠᠨ ᠦᠨᠡᠨ ᠪᠣᠳᠠᠲᠠᠢ ᠬᠦᠷᠲᠡᠭᠡᠮᠵᠢ ᠶᠢᠨ | ᠲᠥᠷᠥᠭᠳᠡᠯ ᠲᠠᠢ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠡᠨᠧᠷᠭᠢ ᠶᠢᠨ ᠮᠠᠰᠢᠨ ᠲᠡᠷᠭᠡ ᠪᠣᠯ ᠮᠠᠰᠢᠨ ᠲᠡᠷᠭᠡᠨ ᠤ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠭᠤᠣᠯ ᠴᠢᠭᠯᠡᠯ ᠪᠠᠶᠢᠵᠤ᠂ ᠬᠥᠭᠵᠢᠯᠲᠡ ᠶᠢᠨ ᠣᠷᠣᠨ ᠵᠠᠢ | ᠮᠠᠰᠢ ᠥᠷᠭᠡᠨ ᠠᠭᠤᠳᠠᠮ ᠶᠤᠮ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ ᠳᠠᠪᠠᠭᠤᠯᠢᠭ ᠢ ᠪᠠᠬᠢᠵᠢᠭᠦᠯᠦᠨ | ᠥᠷᠭᠡᠳᠬᠡᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠥᠳᠡᠯᠭᠡᠭᠴᠢ | ᠬᠦᠴᠦᠨ ᠤ ᠳ᠋ᠢᠶᠠᠨ ᡂᠢ ᠶᠢᠨ ᠰᠢᠰᠲ᠋ᠧᠮ᠂ ᠰᠢᠨ᠎ᠡ ᠬᠡᠯᠪᠡᠷᠢ ᠶᠢᠨ ᠠᠷᠠᠯ ᠤᠨ ᠪᠦᠲᠦᠴᠡ᠂ ᠣᠶᠤᠨᠴᠢ ᠵᠢᠯᠤᠭᠤᠳᠬᠤ | ᠲᠣᠭᠲᠠᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠨᠢᠭᠡᠳᠦᠯᠲᠡᠢ ᠲᠥᠯᠥᠪᠯᠡᠨ᠂ ᠬᠥᠳᠡᠯᠭᠡᠭᠴᠢ ᠬᠦᠴᠦᠨ ᠤ ᠳ᠋ᠢᠶᠠᠨ ᡂᠢ ᠶᠢ ᠡᠭᠡᠭᠦᠯᠦᠨ ᠬᠤᠷᠢᠶᠠᠵᠤ ᠠᠰᠢᠭᠯᠠᠬᠤ | ᠲᠣᠭᠲᠠᠯᠴᠠᠭ᠎ᠠ ᠶᠢ ᠪᠦᠷᠢᠨᠰᠢᠭᠦᠯᠵᠦ᠂ ︽ᠲᠡᠷᠭᠡ ᠡᠨᠧᠷᠭᠢ ᠵᠠᠮ ᠤᠨ ᠡᠭᠦᠯᠡᠨ ᠲᠠᠪᠴᠠᠩ︾ ᠤᠨ ᠠᠭᠤᠰᠤᠯᠴᠠᠨ ᠬᠥᠭᠵᠢᠭᠰᠡᠨ | ᠠᠵᠤ ᠦᠢᠯᠡᠰ ᠤᠨ ᠠᠮᠢ ᠠᠬᠤᠢ ᠶᠢ ᠪᠠᠶᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ | ᠡᠵᠡᠮᠳᠡᠵᠦ ᠪᠣᠯᠬᠤᠶᠢᠴᠠ ᠴᠢᠳᠠᠪᠤᠷᠢ ᠪᠠ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ | ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ | ᠲᠦᠷᠦ ᠶᠢᠨ ᠪᠣᠳᠣᠯᠭ᠎ᠠ ᠶᠢ ᠦᠷᠭᠦᠯᠵᠢᠯᠡᠭᠦᠯᠬᠦ ᠪᠠ ᠰᠢᠯᠢᠳᠡᠭᠵᠢᠭᠦᠯᠵᠦ᠂ ᠴᠠᠬᠢᠯᠭᠠᠨ ᠴᠡᠨᠡᠭᠯᠡᠬᠦ ᠴᠢᠨᠠᠷ ᠰᠠᠶᠢᠲᠠᠢ ᠰᠠᠭᠤᠷᠢ | ᠪᠡᠯᠡᠳᠬᠡᠮᠵᠢ ᠶᠢᠨ ᠲᠣᠭᠲᠠᠯᠴᠠᠭ᠎ᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠤᠯᠠᠮ ᠴᠢᠨᠠᠭᠰᠢᠳᠠ | ᠲᠣᠭᠲᠠᠪᠤᠷᠢᠵᠢᠭᠤᠯᠤᠨ᠂ ᠬᠡᠷᠡᠭᠯᠡᠭᠡᠨ ᠤ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠬᠡᠷᠡᠭᠯᠡᠭᠡ ᠶᠢᠨ ᠳᠠᠯᠳᠠ ᠬᠦᠴᠦᠨ ᠢ ᠨᠡᠩ ᠶᠡᠭᠡ ᠪᠠᠷ ᠪᠠᠳᠠᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠬᠠᠤᠯᠢ ︵ᠡᠬᠡ ᠨᠣᠣᠷᠠᠭ︶︾ ᠶᠢ ᠶᠠᠷᠢᠯᠴᠠᠨ ᠵᠠᠷᠴᠢᠮ ᠳᠡᠭᠡᠷ᠎ᠡ ᠪᠠᠨ ᠪᠠᠲᠤᠯᠠᠵᠤ᠂ ᠡᠬᠡ | ᠨᠣᠣᠷᠠᠭ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠳᠡᠪᠰᠢᠭᠦᠯᠵᠦ ᠬᠢᠨᠠᠨ ᠶᠠᠷᠢᠯᠴᠠᠭᠤᠯᠬᠤ ᠪᠠᠷ ᠲᠣᠭᠲᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠡᠬᠢᠯᠡᠯᠲᠡ᠂ | ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠬᠤᠯᠠ ᠦᠢᠯᠡᠰ ᠮᠥᠨ᠃ ᠡᠨᠡ ᠨᠢ ᠲᠦᠭ ᠲᠦᠮᠡᠨ ᠬᠡᠦᠬᠡᠳ ᠤᠨ | ᠡᠷᠡᠭᠦᠯ ᠢᠶᠠᠷ ᠦᠰᠦᠨ ᠪᠣᠶᠢᠵᠢᠬᠤ ᠳᠤ ᠬᠤᠯᠪᠣᠭᠳᠠᠬᠤ ᠪᠣᠯᠬᠤᠷ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ ᠨᠢ | ᠲᠤᠶᠢᠯ ᠤᠨ ᠴᠢᠬᠤᠯᠠ ᠶᠤᠮ᠃ ᠣᠳᠣᠬᠠᠨ ᠤ ᠪᠠ ᠠᠯᠤᠰ ᠬᠡᠲᠦ ᠶᠢ ᠨᠢᠭᠡᠳᠦᠯᠲᠡᠢ ᠲᠥᠯᠥᠪᠯᠡᠵᠦ᠂ ᠰᠢᠨ᠎ᠡ ᠮᠠᠶ᠋ᠢᠭ ᠤᠨ | ᠬᠤᠲᠠ ᠪᠠᠯᠭᠠᠰᠤᠵᠢᠯᠲᠠ ᠶᠢᠨ ᠠᠬᠢᠴᠠ ᠪᠠ ᠰᠤᠷᠭᠠᠭᠤᠯᠢ ᠶᠢᠨ ᠨᠠᠰᠤᠨ ᠤ ᠬᠥᠮᠥᠨ ᠠᠮᠠ ᠶᠢᠨ ᠬᠤᠪᠢᠷᠠᠯᠲᠠ ᠶᠢᠨ | ᠬᠠᠨᠳᠤᠰᠢ ᠶᠢ ᠦᠨᠳᠦᠰᠦᠯᠡᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ | ᠬᠠᠩᠭᠠᠬᠤ ᠶᠢᠨ ᠬᠠᠮᠲᠤ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠬᠦ ᠬᠡᠷᠡᠭᠲᠡᠢ᠃ ᠡᠳ᠋ ᠤᠨ ᠵᠠᠰᠠᠭ ᠤᠨ | ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠳᠠᠬᠢ ᠣᠷᠣᠭᠤᠯᠤᠯᠲᠠ ᠶᠢᠨ ᠬᠤᠪᠢ ᠶᠢᠨ ᠵᠢᠩ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠭᠠᠵᠠᠷ ᠣᠷᠣᠨ᠂ | ᠦᠨᠳᠦᠰᠦᠲᠡᠨ ᠤ ᠭᠠᠵᠠᠷ ᠣᠷᠣᠨ ᠳᠤ ᠬᠡᠯᠪᠡᠶᠢᠯᠭᠡᠬᠦ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠤᠯᠭ᠎ᠠ ᠶᠢᠨ ᠣᠷᠣ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠦᠢᠯᠡᠰ ᠤᠨ ᠲᠦᠭᠡᠮᠡᠯᠵᠢᠭᠦᠯᠦᠯᠲᠡ ᠲᠦᠭᠡᠮᠡᠯ ᠬᠠᠷᠠᠭᠠᠯᠵᠠᠯ᠂ ᠠᠮᠤᠷ ᠲᠦᠪᠰᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |