ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2023/6/7
  6 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ 6 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ  ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠲᠡᠭᠡᠷ᠎ᠡ᠂  ᠠᠶᠤᠯᠭᠦᠢ ᠦᠢᠯᠡᠳᠪᠦᠷᠢᠯᠡᠯ ᠪᠣᠯᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠪᠠᠶᠢᠷᠢᠯᠠᠭᠤᠯᠤᠯᠲᠠ ᠵᠢᠴᠢ ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ︽ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ  ᠠᠴᠠ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠪᠥᠬᠦ ᠬᠤᠰᠢᠭᠤᠨ ᠤ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ  ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号