ᠲᠠᠶᠢᠹᠤᠰᠧ ᠬᠤᠰᠢᠭᠤ ᠨᠠᠭᠤᠷ ᠭᠤᠣᠯ ᠤᠨ ᠳᠠᠷᠤᠭ᠎ᠠ ᠶᠢᠨ ᠳᠦᠷᠢᠮ ᠤᠨ ᠢᠯᠡ ᠨᠡᠶᠢᠲᠡᠯᠡᠬᠦ ᠫᠠᠶᠢᠰᠠ ᠶᠢ ᠰᠢᠨᠡᠳᠬᠡᠨ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2023/6/7
   ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠪᠦᠲᠦᠮᠵᠢᠲᠡᠶ ᠶᠠᠪᠤᠭᠳᠠᠬᠤ ᠶᠢ ᠠᠬᠢᠭᠤᠯᠵᠤ᠂  ᠭᠤᠣᠯ ᠮᠥᠷᠡᠨ ᠨᠠᠭᠤᠷ ᠴᠥᠭᠦᠷᠥᠮ ᠤᠨ ᠬᠠᠮᠢᠶ᠎ᠠ ᠪᠦᠬᠦᠢ ᠠᠰᠠᠭᠤᠳᠠᠯ ᠢ  ᠴᠠᠭ ᠲᠤᠬᠠᠢ ᠳᠤᠨᠢ ᠲᠤᠰᠬᠠᠬᠤ ᠠᠷᠭ᠎ᠠ ᠵᠠᠮ  ᠢ ᠨᠡᠪᠳᠡᠷᠡᠬᠦᠯᠬᠦ ᠶᠢᠨ ᠲᠤᠰᠠᠳᠠ᠂  ᠲᠠᠶᠢᠹᠤᠰᠧ ᠬᠤᠰᠢᠭᠤᠨ ᠤ ᠨᠠᠭᠤᠷ ᠭᠤᠣᠯ ᠤᠨ ᠳᠠᠷᠤᠭ᠎ᠠ ᠶᠢᠨ ᠠᠯᠪᠠᠨ ᠭᠡᠷ ᠨᠢ ᠡᠨᠡ ᠵᠢᠯ ᠤᠨ 5 ᠰᠠᠷ᠎ᠠ ᠠᠴᠠ ᠡᠬᠢᠯᠡᠨ᠂  ᠨᠠᠭᠤᠷ ᠭᠤᠣᠯ ᠤᠨ ᠳᠠᠷᠤᠭ᠎ᠠ ᠶᠢᠨ ᠬᠠᠮᠢᠶᠠᠷᠤᠯᠲᠠ ᠳᠤ ᠣᠷᠣᠭᠤᠯᠤᠭᠰᠠᠨ 8 ᠭᠤᠣᠯ 7 ᠨᠠᠭᠤᠷ ᠤᠨ ᠬᠤᠰᠢᠭᠤᠨ ᠤ ᠲᠠᠰ᠂ ᠰᠤᠮᠤ ᠰᠢᠶᠠᠩ ᠪᠠᠯᠭᠠᠰᠤᠨ ᠤ ᠲᠠᠰ ᠤᠨ ᠢᠯᠡ ᠨᠡᠶᠢᠲᠡᠯᠡᠬᠦ ᠫᠠᠶᠢᠰᠠ ᠶᠢ ᠪᠥᠬᠦ ᠲᠠᠯ᠎ᠠ ᠪᠠᠷ ᠰᠢᠨᠡᠳᠭᠡᠨ ᠬᠠᠮᠠᠭᠠᠯᠠᠬᠤ ᠠᠵᠢᠯ ᠢ  ᠬᠢᠵᠦ᠂ ᠣᠲᠣ ᠪᠣᠯᠲᠠᠯ᠎ᠠ ᠰᠢᠨᠡᠳᠭᠡᠨ ᠬᠠᠮᠠᠭᠠᠯᠠᠬᠤ ᠠᠵᠢᠯ  ᠠᠮᠵᠢᠯᠳᠠ ᠲᠠᠢ ᠲᠡᠬᠦᠰᠴᠡᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠨᠠᠭᠤᠷ ᠭᠤᠣᠯ ᠤᠨ ᠳᠠᠷᠤᠭ᠎ᠠ ᠶᠢᠨ ᠠᠯᠪᠠᠨ ᠭᠡᠷ ᠠᠴᠠ ᠨᠠᠭᠤᠷ ᠭᠤᠣᠯ  ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠠᠷᠢᠭᠤᠴᠠᠯᠭ᠎ᠠ ᠶᠢ   ᠴᠢᠩᠭᠠᠳᠬᠠᠵᠤ᠂  ᠨᠠᠭᠤᠷ ᠭᠤᠣᠯ ᠤᠨ ᠳᠠᠷᠤᠭ᠎ᠠ ᠶᠢᠨ ᠳᠦᠷᠢᠮ ᠤᠨ ᠢᠯᠡ ᠨᠡᠶᠢᠲᠡᠯᠡᠬᠦ ᠫᠠᠶᠢᠰᠠ ᠶᠢ ᠬᠠᠮᠠᠭᠠᠯᠠᠬᠤ ᠠᠵᠢᠯ ᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠳᠤ ᠤᠷᠤᠭᠤᠯᠤᠨ᠂ ᠬᠠᠮᠠᠭᠠᠯᠠᠯᠲᠠ ᠬᠠᠮᠢᠶᠠᠷᠤᠯᠲᠠ ᠪᠠᠨ  ᠡᠷᠴᠢᠮᠵᠢᠬᠦᠯᠵᠦ᠂ ᠣᠯᠠᠨ ᠲᠦᠮᠡᠨ ᠢ ᠵᠢᠯᠤᠭᠤᠳᠴᠤ ᠪᠠᠶᠢᠭᠠᠳ ᠨᠠᠭᠤᠷ ᠭᠤᠣᠯ   ᠤᠨ ᠳᠠᠷᠤᠭ᠎ᠠ ᠶᠢᠨ ᠳᠦᠷᠢᠮ ᠤᠨ ᠠᠵᠢᠯ ᠳᠤ ᠢᠳᠡᠪᠬᠢᠲᠡᠢ ᠤᠷᠤᠯᠴᠠᠭᠤᠯᠤᠨ᠂  ᠤᠰᠤ ᠲᠤᠩᠭᠠᠯᠠᠭ᠂ ᠡᠷᠭᠢ ᠨᠣᠭᠤᠭᠠᠨ᠂ ᠦᠵᠡᠮᠵᠢ ᠰᠠᠶᠢᠬᠠᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ  ᠪᠠᠶᠢᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号