ᠵᠣᠣ ᠹᠧᠢ ᠫᠧᠩ ︽ᠤᠯᠤᠰ ᠤᠨ ᠰᠢᠯᠭᠠᠯᠲᠠ︾  ᠶᠢᠨ ᠪᠡᠯᠡᠳᠬᠡᠯ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2023/6/7
  6 ᠰᠠᠷ᠎ᠠ ᠶᠢᠨ 6 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠪᠤᠤᠴᠠᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠭᠦᠨᠵᠡᠭᠡᠶᠢᠷᠡᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠳᠡᠭᠡᠳᠦ ᠬᠡᠮᠵᠢᠶᠡᠨ ᠤ ᠬᠠᠷᠢᠭᠤᠴᠠᠯᠭᠠᠳᠤ ᠤᠪᠤᠷ ᠢᠶᠠᠷ ︽ᠤᠯᠤᠰ ᠤᠨ ᠰᠢᠯᠭᠠᠯᠲᠠ ︾ ᠶᠢᠨ ᠡᠯ᠎ᠡ ᠲᠦᠷᠦᠯ ᠤᠨ ᠵᠣᠬᠢᠶᠠᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠨ ᠬᠢᠵᠦ᠂ ᠰᠢᠯᠭᠠᠯᠲᠠ ᠶᠢᠨ ᠠᠮᠤᠷ ᠲᠦᠪᠰᠢᠨ ᠢ ᠴᠢᠩᠭ᠎ᠠ ᠠᠳᠬᠤᠨ᠂ ᠦᠢᠯᠡᠴᠢᠯᠡᠭᠡ ᠪᠠ ᠪᠠᠲᠤᠯᠠᠭ᠎ᠠ ᠶᠢ ᠴᠢᠩᠭᠠᠳᠬᠠᠵᠤ᠂  ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ  ᠴᠢᠬᠤᠯᠠᠴᠢᠯᠠᠭᠰᠠᠨ ᠪᠠᠶᠢᠨ᠎ᠠ᠃ ᠵᠣᠣ ᠹᠧᠢ ᠫᠧᠩ ᠰᠤᠷᠭᠠᠭᠤᠯᠢ ᠶᠢᠨ ᠡᠬᠦᠳᠡ ᠠᠴᠠ ᠡᠬᠢᠯᠡᠭᠡᠳ ᠰᠢᠯᠭᠠᠯᠲᠠ ᠬᠢᠨᠠᠬᠤ ᠪᠡᠯᠡᠳᠬᠡᠯ ᠠᠵᠢᠯ  ᠂ ᠵᠠᠮ ᠬᠠᠷᠢᠯᠴᠠᠭᠠᠨ ᠤ ᠠᠮᠤᠷ ᠲᠦᠪᠰᠢᠨ  ᠂ ᠢᠳᠡᠭᠡᠨ ᠤᠮᠳᠠᠭᠠᠨ ᠤ ᠠᠮᠤᠷ ᠲᠦᠪᠰᠢᠨ᠂ ᠰᠠᠶᠢᠨ ᠳᠤᠷ᠎ᠠ ᠶᠢᠨ ᠦᠢᠯᠡᠴᠢᠯᠡᠭᠡ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠤᠶᠢᠯᠠᠭᠠᠭᠰᠠᠨ  ᠪᠦᠭᠡᠳ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂  ᠰᠢᠯᠭᠠᠯᠲᠠ ᠶᠢᠨ ᠠᠮᠤᠷ ᠲᠦᠪᠰᠢᠨ ᠢ  ᠲᠡᠷᠢᠭᠦᠨ ᠴᠢᠬᠤᠯᠠ ᠡᠭᠦᠷᠭᠡ ᠪᠤᠯᠭᠠᠨ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠡᠯ᠎ᠡ ᠲᠦᠷᠦᠯ ᠤᠨ ᠠᠮᠤᠷ ᠲᠦᠪᠰᠢᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂  ︽ᠤᠯᠤᠰ ᠤᠨ ᠰᠢᠯᠭᠠᠯᠲᠠ︾ ᠶᠢᠨ ᠠᠮᠤᠷ ᠲᠣᠭᠲᠠᠭᠤᠨ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃  ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠰᠢᠯᠭᠠᠯᠲᠠ ᠶᠢᠨ ᠴᠡᠭ ᠵᠢᠴᠢ  ᠡᠷᠬᠢᠨ ᠲᠣᠭᠤᠷᠢᠨ   ᠤ ᠠᠷᠢᠭᠤᠨ ᠴᠡᠪᠡᠷ᠂ ᠢᠳᠡᠭᠡᠨ ᠤ ᠠᠮᠤᠷ ᠲᠦᠪᠰᠢᠨ᠂  ᠪᠣᠬᠢᠷᠲᠤᠯ ᠱᠤᠤᠭᠢᠶᠠᠨ ᠢ ᠰᠡᠷᠭᠡᠶᠢᠯᠡᠨ ᠵᠠᠰᠠᠬᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠵᠡᠷᠭᠡ ᠠᠵᠢᠯ ᠢ ᠪᠦᠬᠦ ᠬᠦᠴᠦᠨ ᠢᠶᠠᠷ ᠰᠠᠶᠢᠨ ᠬᠢᠵᠦ᠂ ᠰᠢᠯᠭᠠᠯᠲᠠ ᠶᠢᠨ ᠴᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢ ᠴᠢᠩᠭᠠᠳᠬᠠᠨ᠂  ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠩᠬᠠᠷᠴᠤ᠂  ᠭᠡᠨᠡᠳᠲᠡ ᠶᠢᠨ ᠪᠠᠶᠢᠳᠠᠯ ᠢ ᠠᠷᠭᠠᠴᠠᠬᠤ ᠠᠷᠭ᠎ᠠ ᠲᠦᠰᠦᠪ ᠢ ᠲᠡᠬᠦᠯᠳᠡᠷᠵᠢᠬᠦᠯᠦᠨ᠂  ᠠᠮᠤᠷ ᠲᠦᠪᠰᠢᠨ ᠲᠤᠬᠢᠯᠢᠭ ᠲᠠᠭᠠᠯᠠᠮᠵᠢᠲᠠᠢ ᠰᠢᠯᠭᠠᠯᠲᠠ ᠶᠢᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠱᠠᠭᠠᠷᠳᠠᠪᠠ᠃ ᠵᠣᠣ ᠬᠠᠢ ᠯᠢ᠂  ᠡᠷᠳᠡᠨᠢᠪᠠᠭᠠᠳᠤᠷ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号