ᠲᠠᠶᠢᠹᠤᠰᠧ ᠬᠤᠰᠢᠭᠤ ᠤᠳᠤᠷᠢᠳᠬᠤ ᠺᠠᠳ᠋ᠷᠴᠤᠳ ᠤᠨ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2023/6/7
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾ ᠶᠢ ᠪᠦᠳᠦᠮᠵᠢᠳᠡᠢ ᠠᠬᠢᠭᠤᠯᠤᠨ᠂  ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠠᠨᠳᠤᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭᠠᠨ ᠤ ᠲᠤᠬᠠᠢ ᠥᠷᠭᠡᠨ ᠤᠯᠠᠨ ᠺᠠᠳ᠋ᠷ ᠤᠯᠠᠨ ᠲᠦᠮᠡᠨ ᠤ ᠣᠶᠢᠯᠠᠭᠠᠯᠲᠠ ᠲᠠᠨᠢᠯᠳᠠ ᠶᠢ ᠤᠯᠠᠮ ᠬᠦᠨᠵᠡᠬᠡᠶᠢᠷᠡᠬᠦᠯᠬᠦ ᠶᠢᠨ ᠲᠥᠯᠥᠭᠡ᠂ 6 ᠰᠠᠷ᠎ᠠ ᠶᠢᠨ 6 ᠤ ᠡᠳᠦᠷ ᠲᠠᠶᠢᠹᠤᠰᠧ ᠬᠤᠰᠢᠭᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠣᠯᠪᠠᠰᠤᠷᠠᠯ ᠤᠨ ᠠᠩᠭᠢ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠪᠤᠯᠪᠠᠰᠤᠷᠠᠯ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠬᠤ ᠳᠠᠭᠠᠨ᠂ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂  ᠡᠨᠡ ᠤᠳᠠᠭᠠᠨ ᠤ ᠪᠣᠯᠪᠠᠰᠤᠷᠠᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠠᠵᠢᠯ ᠤᠨ ᠳᠤᠮᠳᠠ ᠬᠦᠴᠦᠨ ᠴᠢᠳᠠᠯ ᠢᠶᠠᠨ ᠰᠢᠪᠬᠠᠵᠤ᠂  ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠯᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠰᠣᠷᠣᠭᠰᠠᠨ ᠢᠶᠠᠨ ᠬᠡᠷᠡᠭᠯᠡᠬᠦ ᠶᠢ ᠪᠠᠷᠢᠮᠳᠠᠯᠠᠨ᠂ ᠰᠢᠨ᠎ᠡ ᠤᠨᠤᠯ ᠢ ᠬᠡᠷᠡᠭᠯᠡᠨ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠰᠢᠨ᠎ᠡ ᠮᠡᠳᠡᠯᠭᠡ ᠶᠢ ᠬᠡᠷᠡᠭᠯᠡᠨ ᠠᠵᠢᠯ ᠤᠨ ᠠᠷᠭ᠎ᠠ ᠪᠠᠷᠢᠯ ᠢᠶᠠᠨ ᠰᠠᠶᠢᠵᠢᠷᠠᠭᠤᠯᠵᠤ᠂ ᠠᠵᠢᠯ ᠤᠨ ᠴᠢᠳᠠᠪᠤᠷᠢ ᠪᠠᠨ ᠦᠨᠡᠨᠬᠦ ᠴᠢᠩᠭᠠᠳᠬᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠪᠣᠯᠪᠠᠰᠤᠷᠠᠯ ᠳᠤ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠡᠷᠳᠡᠨᠢᠪᠠᠶᠠᠷ ᠫᠷᠤᠹᠧᠰᠰᠤᠷ᠂ ᠶᠢᠨ ᠶᠢᠩ ᠳᠡᠳ᠋ ᠫᠷᠤᠹᠧᠰᠰᠤᠷ᠂  ᠮᠤ᠋ ᠰᠢᠩ ᠸᠠᠩ ᠡᠷᠬᠢᠯᠡᠭᠴᠢ᠂ ᠰᠢᠯᠢ ᠶᠢᠨ ᠭᠤᠣᠯ ᠠᠶᠢᠮᠠᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠰᠠᠯᠠᠭᠠᠨ ᠳᠠᠷᠤᠭ᠎ᠠ  ᠾᠦᠸᠧ ᠶᠤᠸᠠᠢ ᠹᠧᠩ᠂ ᠳᠤᠮᠳᠠᠳᠤ ᠤᠯᠤᠰ ᠤᠨ ᠠᠶᠤᠯᠲᠠᠢ ᠬᠢᠮᠢ ᠶᠢᠨ ᠪᠣᠳᠠᠰ ᠤᠨ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠵᠠᠩ ᠵᠧᠨ ᠬᠤᠶ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠳ᠋ᠤᠸᠠᠨ ᠯᠢ ᠨᠠ᠂  ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠰᠦᠨ ᠵᠠᠨ ᠴᠧᠩ ᠢ ᠤᠷᠢᠵᠤ᠂  ︽ᠲᠠᠪᠤᠨ ᠶᠡᠭᠡ ᠡᠭᠦᠷᠭᠡ︾ ᠶᠢ ᠪᠡᠶᠡᠯᠡᠬᠦᠯᠬᠦ  ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ  ᠪᠠᠶᠢᠭᠤᠯᠬᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠣᠶ ᠪᠣᠯᠭᠠᠬᠤ᠂ ᠪᠥᠬᠦ ᠲᠠᠯ᠎ᠠ ᠪᠠᠷ ᠬᠠᠤᠯᠢ   ᠪᠠᠷ ᠤᠯᠤᠰ ᠢᠶᠠᠨ ᠵᠠᠰᠠᠬᠤ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠳᠦ ᠬᠢᠴᠢᠶᠡᠯ ᠲᠠᠶᠢᠯᠤᠮᠵᠢ ᠬᠢᠯᠭᠡᠭᠡᠳ᠂  ᠦᠷᠭᠡᠨ ᠤᠯᠠᠨ ᠤᠳᠤᠷᠢᠳᠬᠤ ᠺᠠᠳ᠋ᠷᠴᠤᠳ ᠢ ᠵᠢᠯᠤᠭᠤᠳᠤᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ᠂ ᠰᠢᠰᠲ᠋ᠧᠮ ᠲᠠᠢ᠂ ᠭᠦᠨᠵᠡᠭᠡᠢ ᠰᠤᠷᠤᠯᠴᠠᠭᠤᠯᠤᠭᠰᠠᠨ ᠪᠠᠶᠢᠨ᠎ᠠ᠃ 2 ᠡᠳᠦᠷ ᠤᠨ ᠬᠤᠭᠤᠴᠠᠭ᠎ᠠ ᠲᠠᠢ ᠡᠨᠡ ᠤᠳᠠᠭᠠᠨ ᠤ ᠪᠣᠯᠪᠠᠰᠤᠷᠠᠯ ᠳᠤ ᠪᠥᠬᠦ ᠬᠤᠰᠢᠭᠤᠨ ᠤ ᠰᠠᠯᠠᠭᠠᠨ ᠤ ᠲᠠᠰ ᠤᠨ ᠤᠳᠤᠷᠢᠳᠬᠤ ᠺᠠᠳ᠋ᠷ ᠪᠠ ᠪᠡᠯᠡᠳᠭᠡᠯ ᠺᠠᠳ᠋ᠷ 400 ᠭᠠᠷᠤᠢ ᠬᠦᠮᠦᠨ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号