6 ᠰᠠᠷ᠎ᠠ ᠶᠢᠨ 5 ᠤ ᠡᠳᠦᠷ ᠂ ᠬᠦᠨᠪᠤᠯᠠᠭ ᠰᠤᠮᠤ ᠠᠮᠤᠷ ᠠᠮᠤᠭᠤᠯᠠᠩ ᠤᠨ ᠪᠠᠶᠢᠭᠤᠯᠤᠯᠲᠠ ᠵᠢᠴᠢ ᠠᠮᠢᠨ | ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠢᠵᠦ᠂ ᠰᠤᠮᠤᠨ ᠤ ᠤᠳᠤᠷᠢᠳᠬᠤ ᠪᠠᠭ ᠤᠨ | ᠭᠡᠰᠢᠬᠦᠳ᠂ ᠡᠯ᠎ᠡ ᠭᠠᠴᠠᠭᠠᠨ ᠤ ᠱᠦᠵᠢ᠂ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠨᠠᠷ ᠬᠤᠷᠠᠯ ᠳᠤ | ᠣᠷᠣᠯᠴᠠᠵᠠᠢ᠃ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠭᠡᠰᠢᠭᠦᠨ ᠴᠠᠢ ᠸᠧᠨ ᠰᠢᠦᠢ ᠠᠴᠠ ︽ᠪᠥᠬᠦ ᠬᠤᠰᠢᠭᠤᠨ ᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠠᠮᠢᠨ | ᠬᠡᠷᠡᠭ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ 2023 ᠣᠨ ᠤ ᠲᠤᠰᠬᠠᠢ ᠠᠵᠢᠯᠯᠠᠭᠠᠨ ᠤ ᠲᠦᠰᠦᠪ︾ ᠲᠤ | ᠲᠠᠶᠢᠯᠤᠮᠵᠢ ᠬᠢᠭᠰᠡᠨ ᠪᠥᠭᠡᠳ ᠬᠠᠮᠢᠶ᠎ᠠ ᠪᠦᠬᠦᠢ ᠠᠵᠢᠯ ᠳᠤ ᠪᠠᠶᠢᠷᠢᠯᠠᠭᠤᠯᠤᠯᠲᠠ ᠬᠢᠪᠡ᠃ ᠬᠤᠷᠠᠯ ᠠᠴᠠ᠂ ᠨᠢᠭᠡ ᠳᠤ | ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠵᠥᠷᠢᠴᠡᠯ ᠵᠢᠭᠤᠷᠠᠭᠠᠨ ᠢ ᠪᠥᠬᠦ ᠲᠠᠯ᠎ᠠ ᠪᠠᠷ ᠣᠶᠢᠯᠠᠭᠠᠨ | ᠪᠠᠶᠢᠴᠠᠭᠠᠵᠤ᠂ ᠡᠬᠡ ᠲᠠᠩᠰᠠ ᠪᠠᠶᠢᠭᠤᠯᠬᠤ ᠬᠡᠷᠡᠭᠲᠡᠢ᠃ ᠬᠤᠶᠠᠷ ᠲᠤ ᠬᠠᠮᠲᠤᠷᠠᠨ ᠠᠵᠢᠯᠯᠠᠬᠤ ᠲᠣᠭᠲᠠᠴᠠ ᠶᠢ | ᠪᠠᠶᠢᠭᠤᠯᠵᠤ᠂ ᠵᠥᠷᠢᠴᠡᠯ ᠵᠢᠭᠤᠷᠠᠭᠠᠨ ᠢ ᠡᠶᠡᠳᠡᠬᠦᠯᠦᠨ ᠰᠢᠢᠳᠪᠦᠷᠢᠯᠡᠬᠦ ᠪᠠ ᠬᠠᠷᠢᠭᠤ ᠲᠤᠰᠬᠠᠬᠤ ᠲᠤᠤᠷ ᠰᠦᠯᠵᠢᠶ᠎ᠡ | ᠶᠢ ᠴᠤᠭᠴᠠᠯᠠᠬᠤ ᠭᠡᠷᠡᠭᠳᠡᠢ᠃ ᠭᠤᠷᠪᠠ ᠳᠤ ᠠᠮᠢᠨ ᠬᠡᠷᠡᠭ ᠡᠭᠦᠰᠬᠡᠬᠦ ᠪᠤᠯᠤᠮᠵᠢ ᠲᠠᠢ ᠵᠥᠷᠢᠴᠡᠯ ᠵᠢᠭᠤᠷᠠᠭᠠᠨ᠂ | ᠢᠯᠠᠩᠭᠤᠶ᠎ᠠ ᠤᠷᠤᠭ ᠭᠡᠷ ᠪᠦᠯᠢ ᠶᠢᠨ ᠵᠢᠭᠤᠷᠠᠭᠠᠨ ᠤ ᠪᠠᠶᠢᠴᠠᠭᠠᠨ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ | ᠭᠦᠨᠵᠡᠭᠡᠢ ᠥᠷᠨᠢᠭᠦᠯᠵᠦ᠂ ︽ ᠢᠷᠭᠡᠨ ᠤ ᠭᠡᠷᠡᠭ ᠠᠴᠠ ᠪᠠᠨ ᠡᠷᠡᠭᠦᠦ ᠶᠢᠨ ᠬᠡᠷᠡᠭ ᠪᠤᠯᠬᠤ︾᠂ ︽ᠡᠷᠡᠭᠦᠦ ᠶᠢᠨ | ᠬᠡᠷᠡᠭ ᠠᠴᠠ ᠪᠠᠨ ᠠᠮᠢᠨ ᠬᠡᠷᠡᠭ ᠪᠤᠯᠬᠤ︾ ᠶᠢ ᠴᠢᠩᠭ᠎ᠠ ᠰᠡᠷᠭᠡᠶᠢᠯᠡᠬᠦ ᠭᠡᠷᠡᠭᠳᠡᠢ᠃ ᠳᠥᠷᠪᠡ ᠳᠤ ᠭᠤᠣᠯᠳᠠᠯᠭ᠎ᠠ ᠲᠠᠢ | ᠬᠥᠮᠥᠰ ᠤᠨ ᠡᠵᠡᠮᠳᠡᠯ ᠬᠠᠮᠢᠶᠠᠷᠤᠯᠲᠠ ᠢ ᠴᠢᠩᠭᠠᠳᠬᠠᠵᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠱᠠᠲᠤ | ᠬᠤᠪᠢᠶᠠᠵᠤ ᠬᠠᠮᠢᠶᠠᠷᠤᠨ ᠡᠵᠡᠮᠳᠡᠬᠦ ᠠᠵᠢᠯ ᠤᠨ ᠲᠣᠭᠲᠠᠴᠠ ᠶᠢ ᠪᠠᠶᠢᠭᠤᠯᠤᠨ᠂ ᠬᠠᠮᠢᠶᠠᠷᠤᠯᠲᠠ ᠠᠯᠳᠠᠭᠳᠠᠭᠰᠠᠨ | ᠠᠴᠠ ᠪᠣᠯᠵᠤ ᠬᠦᠨᠳᠦ ᠶᠡᠭᠡ ᠡᠷᠡᠭᠦᠦ ᠶᠢᠨ ᠬᠡᠷᠡᠭ ᠪᠠ ᠬᠦᠴᠦᠷᠬᠡᠭᠯᠡᠯ ᠤᠨ ᠶᠠᠯᠠᠲᠤ ᠬᠡᠷᠡᠭ ᠡᠭᠦᠰᠬᠦ ᠶᠢ ᠰᠡᠷᠭᠡᠶᠢᠯᠡᠬᠦ | ᠭᠡᠷᠡᠭᠳᠡᠢ᠃ ᠲᠠᠪᠤ ᠳᠤ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠵᠤ᠂ ᠬᠠᠤᠯᠢᠵᠢᠯ ᠤᠨ ᠤᠬᠠᠮᠰᠠᠷ ᠢ | ᠴᠢᠩᠭᠠᠳᠬᠠᠨ᠂ ᠤᠬᠠᠭᠤᠯᠭ᠎ᠠ ᠶᠢᠨ ᠠᠵᠢᠯ ᠢ ᠣᠯᠠᠨ ᠲᠠᠯ᠎ᠠ ᠪᠠᠷ ᠥᠷᠨᠢᠭᠦᠯᠵᠦ᠂ ᠠᠮᠤᠷ ᠠᠮᠤᠭᠤᠯᠠᠩ ᠡᠶ᠎ᠡ | ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠬᠤ ᠭᠡᠷᠡᠭᠳᠡᠢ ᠭᠡᠵᠦ ᠱᠠᠭᠠᠷᠳᠠᠭᠰᠠᠨ ᠪᠠᠶᠢᠨ᠎ᠠ ᠃ |