ᠬᠤᠩ ᠴᠢ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2023/6/7
 ᠣᠷᠣᠨ᠂ ᠠᠶᠢᠮᠠᠭ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ︽ᠪᠠᠶᠢᠴᠠᠭᠠᠨ ᠴᠡᠭᠴᠡᠯᠡᠬᠦ ᠰᠠᠷ᠎ᠠ︾ ᠶᠢᠨ ᠲᠤᠰᠬᠠᠢ ᠠᠵᠢᠯᠯᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 6 ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ᠂ ᠬᠤᠩ ᠴᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠪᠦᠬᠦ ᠪᠠᠯᠭᠠᠰᠤᠨ ᠤ  ᠭᠡᠪᠴᠢᠶᠡᠨ ᠳᠤ ᠠᠶᠤᠯᠭᠦᠢ ᠦᠢᠯᠡᠳᠪᠦᠷᠢᠯᠡᠯ ᠤᠨ ᠭᠡᠨ ᠰᠤᠭᠤᠭ ᠢ  ᠪᠠᠶᠢᠴᠠᠭᠠᠨ ᠴᠡᠭᠴᠡᠯᠡᠬᠦ ᠠᠵᠢᠯᠯᠠᠭ᠎ᠠ ᠦᠷᠨᠢᠬᠦᠯᠵᠡᠢ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠬᠢᠨ ᠪᠠᠶᠢᠴᠠᠭᠠᠨ ᠴᠡᠭᠴᠡᠯᠡᠬᠦ ᠶᠠᠪᠤᠴᠠ ᠳᠠᠭᠠᠨ᠂ ᠡᠯ᠎ᠡ ᠲᠣᠰᠬᠤᠨ ᠬᠢᠭᠡᠳ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭ᠎ᠠ ᠶᠢ ᠭᠦᠢᠴᠡᠳᠬᠡᠵᠦ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠬᠦᠯᠵᠦ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ ᠲᠤᠳᠤᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠦᠲᠦᠮᠵᠢᠲᠡᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠳᠠᠷᠠᠭᠠᠴᠢ ᠶᠢᠨ ᠠᠯᠬᠤᠮ ᠳᠤ᠂  ᠬᠤᠩ ᠴᠢ  ᠪᠠᠯᠭᠠᠰᠤᠨ ᠤ ᠬᠢᠨ ᠠᠶᠤᠯᠭᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭ᠎ᠠ ᠪᠦᠭᠡᠳ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠩᠭᠤᠵᠢᠭᠤᠯᠤᠨ ᠠᠬᠢᠭᠤᠯᠵᠤ᠂  ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ ᠪᠠᠷ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号