ᠲᠠᠩ ᠾᠧ ᠺᠤᠮᠫᠠᠨᠢ ᠶᠢᠨ ᠵᠤᠬᠢᠶᠠᠮᠠᠯ ᠠᠯᠮᠠᠰ ᠯᠠᠰᠸᠢᠭᠠᠰ ᠤᠨ ᠰᠤᠪᠤᠳ ᠡᠷᠳᠡᠨᠢ ᠶᠢᠨ  ᠦᠵᠡᠰᠬᠦᠯᠡᠩ  ᠳᠤ ᠲᠡᠯᠭᠡᠭᠳᠡᠯ᠎ᠡ
ᠨᠡᠶᠢᠲᠡᠯᠡᠭᠰᠡᠨ ᠴᠠᠭ᠄
2023/6/8
  ᠤᠮᠠᠷᠠᠲᠤ ᠠᠮᠧᠷᠢᠺᠠ ᠶᠢᠨ ᠭᠠᠵᠠᠷ ᠣᠷᠣᠨ ᠤ ᠬᠠᠮᠤᠭ ᠤᠨ ᠲᠣᠮᠣ ᠰᠤᠪᠤᠳ ᠡᠷᠳᠡᠨᠢ ᠶᠢᠨ ᠠᠵᠢᠯ ᠲᠦᠷᠦᠯ ᠤᠨ ᠦᠪᠡᠳᠡᠭᠰᠢ ᠴᠤᠭᠯᠠᠭᠠᠨ ᠪᠣᠯᠤᠭᠰᠠᠨ ᠠᠮᠧᠷᠢᠺᠠ ᠶᠢᠨ ᠯᠠᠰᠸᠢᠭᠠᠰ ᠤᠨ ᠰᠤᠪᠤᠳ ᠡᠷᠳᠡᠨᠢ ᠶᠢᠨ ᠦᠵᠡᠰᠬᠦᠯᠡᠩ  6 ᠰᠠᠷ᠎ᠠ ᠶᠢᠨ 5 ᠤ ᠡᠳᠦᠷ ᠲᠡᠭᠦᠰᠪᠡ᠃ ᠭᠤᠣᠯᠯᠠᠨ ᠡᠷᠭᠢᠯᠡᠭᠰᠡᠨ ᠲᠠᠯ᠎ᠠ ᠶᠢᠨ ᠬᠢᠨ ᠤ ᠠᠩᠬ᠎ᠠ ᠠᠯᠬᠤᠮ ᠤᠨ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ ᠦᠵᠡᠰᠬᠦᠯᠡᠩ ᠳᠤ ᠪᠠᠷᠤᠭ 3 ᠲᠦᠮᠡᠨ ᠬᠥᠮᠥᠨ ᠣᠷᠣᠯᠴᠠᠵᠠᠢ᠃  ᠡᠬᠦᠨ ᠤ ᠲᠤᠳᠤᠷ᠎ᠠ᠂  ᠲᠠᠶᠢᠹᠤᠰᠧ ᠬᠤᠰᠢᠭᠤᠨ ᠤ ᠨᠢᠬᠡᠨ ᠠᠵᠤ ᠠᠬᠤᠶᠢᠯᠠᠯ  ᠥᠪᠥᠷ ᠮᠣᠩᠭᠤᠯ ᠤᠨ ᠲᠠᠩ ᠾᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠤᠷᠤᠭᠰᠠᠨ ᠪᠠᠶᠢᠯ᠎ᠠ᠃ ᠥᠪᠥᠷ ᠮᠣᠩᠭᠤᠯ ᠤᠨ ᠲᠠᠩ ᠾᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠪᠤᠯ 2018 ᠣᠨ ᠳᠤ ᠪᠠᠶᠢᠭᠤᠯᠤᠭᠳᠠᠭᠰᠠᠨ᠂ ᠵᠤᠬᠢᠶᠠᠮᠠᠯ ᠠᠯᠮᠠᠰ  ᠤᠨ ᠰᠤᠳᠤᠯᠭ᠎ᠠ᠂ ᠦᠢᠯᠡᠳᠪᠦᠷᠢᠯᠡᠯ᠂ ᠪᠤᠷᠤᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠣᠨ᠎ᠠ᠃ ᠲᠠᠩ ᠾᠧ ᠺᠤᠮᠫᠠᠨᠢ ᠶᠢᠨ ᠬᠢᠭᠰᠡᠨ ᠠᠯᠮᠠᠰ ᠤᠨ ᠪᠦᠳᠦᠭᠡᠭᠳᠡᠬᠦᠨ ᠨᠢ ᠦᠢᠯᠡᠳᠪᠦᠷᠢ ᠬᠡᠷᠡᠭᠯᠡᠭᠡ ᠬᠤᠶᠠᠷ ᠶᠡᠭᠡ ᠬᠦᠷᠢᠶ᠎ᠡ ᠴᠠᠷᠠᠭ᠎ᠠ ᠳᠤ ᠬᠤᠯᠪᠤᠭᠳᠠᠵᠤ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠨᠢ ᠤᠭ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠦᠢᠯᠡᠳᠬᠦ᠂ ᠪᠠᠯ ᠴᠢᠯᠠᠭᠤ ᠰᠢᠷᠭᠠᠭᠠᠬᠤ᠂  ᠪᠠᠯ ᠴᠢᠯᠠᠭᠤᠨ ᠪᠠᠭᠠᠨ᠎ᠠ ᠦᠢᠯᠡᠳᠬᠦ᠂  ᠵᠤᠬᠢᠶᠠᠮᠠᠯ ᠠᠯᠮᠠᠰ  ᠦᠢᠯᠡᠳᠪᠦᠷᠢᠯᠡᠬᠦ ᠵᠡᠷᠭᠡ ᠲᠤᠰᠬᠠᠢ ᠮᠡᠷᠭᠡᠵᠢᠭᠰᠡᠨ  ᠪᠦᠬᠦ ᠠᠵᠤ ᠦᠢᠯᠡᠰ ᠤᠨ ᠬᠡᠯᠬᠢᠶ᠎ᠡ  ᠶᠢ ᠬᠠᠮᠤᠷᠤᠭᠰᠠᠨ  ᠪᠠᠶᠢᠳᠠᠭ᠃   ᠲᠠᠩ ᠾᠧ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠠᠩ ᠵᠢᠩ ᠵᠢᠩ ᠤᠨ ᠬᠡᠯᠡᠬᠦ ᠪᠠᠷ ︽ ᠲᠣᠰ ᠺᠣᠮᠫᠠᠨᠢ ᠶᠢᠨ ᠬᠢᠨ ᠯᠠᠰᠸᠢᠭᠠᠰ ᠤᠨ ᠰᠤᠪᠤᠳ ᠡᠷᠳᠡᠨᠢ ᠶᠢᠨ ᠦᠵᠡᠰᠬᠦᠯᠡᠩ ᠳᠤ ᠠᠩᠬ᠎ᠠ ᠤᠳᠠᠭ᠎ᠠ ᠪᠠᠨ ᠣᠷᠣᠯᠴᠠᠵᠤ ᠪᠠᠶᠢᠭ᠎ᠠ  ᠂ ᠡᠨᠡ ᠤᠳᠠᠭ᠎ᠠ ᠳᠤᠮᠳᠠᠳᠤ ᠤᠯᠤᠰ ᠤᠨ ᠠᠵᠤ ᠠᠬᠤᠶᠢᠯᠠᠯ ᠴᠥᠭᠡᠨ ᠪᠤᠰᠤ ᠢᠷᠡᠵᠡᠶ᠂ ᠡᠨᠡ ᠨᠢ ᠳᠤᠮᠳᠠᠳᠤ ᠤᠯᠤᠰ ᠤᠨ ᠨᠠᠷᠠᠲᠤ ᠲᠡᠮᠳᠡᠭ ᠪᠠ  ᠪᠦᠳᠦᠭᠡᠭᠳᠡᠬᠦᠨ ᠤ ᠵᠠᠬ᠎ᠠ ᠳᠡᠯᠭᠡᠭᠦᠷ ᠤᠨ ᠠᠯᠳᠠᠷᠰᠢᠯ ᠤᠨ ᠬᠡᠮᠵᠢᠶ᠎ᠡ ᠶᠢ ᠳᠡᠭᠡᠭᠰᠢᠯᠡᠭᠦᠯᠬᠦ ᠳᠤ ᠮᠠᠰᠢ ᠲᠤᠰᠠᠳᠠᠢ︾ ᠭᠡᠨ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号