ᠤᠷᠤᠰ ᠤᠨ ᠭᠧᠯᠢᠮᠦ᠋ ᠲᠠᠷᠢᠶᠠᠯᠠᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠲᠠᠶᠢᠹᠤᠰᠧ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2023/6/8
   6 ᠰᠠᠷ᠎ᠠ ᠶᠢᠨ 6  ᠤ ᠡᠳᠦᠷ᠂ ᠤᠷᠤᠰ ᠤᠨ ᠭᠧᠯᠢᠮᠦ᠋ ᠲᠠᠷᠢᠶᠠᠯᠠᠩ ᠤᠨ ᠮᠡᠷᠭᠡᠵᠢᠯ ︵ᠲᠢᠶᠠᠨᠵᠢᠨ ᠳᠠᠬᠢ︶ ᠤᠨ ᠬᠢᠵᠠᠭᠠᠷᠲᠤ ᠺᠣᠮᠫᠠᠨᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠲᠠᠶᠢᠹᠤᠰᠧ ᠬᠤᠰᠢᠭᠤᠨ ᠤ ᠭᠧ ᠷᠦᠢ ᠳ᠋ᠧ  ᠲᠦᠮᠦᠰᠦᠨ ᠤ ᠦᠢᠯᠡᠰ ᠤᠨ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ ᠲᠤᠷᠰᠢᠯᠭ᠎ᠠ ᠰᠤᠯᠢᠯᠴᠠᠵᠠᠢ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠭᠧ ᠷᠦᠢ ᠳ᠋ᠧ ᠪᠦᠯᠦᠭᠯᠡᠯ ᠤᠨ ᠬᠤᠣᠷ ᠦᠬᠡᠶᠢᠳᠡᠬᠦᠯᠦᠭᠰᠡᠨ ᠲᠦᠮᠦᠰᠦᠨ  ᠤ   ᠦᠢᠯᠡᠳᠪᠦᠷᠢᠯᠡᠯ ᠤᠨ ᠲᠠᠰᠤᠭ᠂  ᠲᠦᠮᠦᠰᠦ ᠲᠠᠷᠢᠬᠤ ᠲᠤᠯᠠᠭᠠᠨ ᠬᠦᠯᠡᠮᠵᠢ᠂  ᠪᠠᠢ ᠰᠧ ᠲᠧ ᠰᠢᠨ᠎ᠡ ᠲᠣᠭᠤᠷᠢᠭ ᠲᠤ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂  ᠲᠠᠨᠢᠯᠴᠠᠭᠤᠯᠭ᠎ᠠ ᠶᠢ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠲᠦᠮᠦᠰᠦᠨ ᠤ ᠠᠵᠤ ᠦᠢᠯᠡᠰ ᠤᠨ ᠬᠥᠭᠵᠢᠯᠲᠡ᠂ ᠰᠠᠭᠤᠷᠢᠨ ᠭᠠᠵᠠᠷ ᠤᠨ ᠪᠠᠶᠢᠭᠤᠯᠤᠯᠲᠠ᠂ ᠮᠡᠷᠭᠡᠵᠢᠯ ᠤᠨ ᠰᠢᠨᠡᠴᠢᠯᠡᠯᠳᠡ᠂  ᠵᠠᠬ᠎ᠠ ᠳᠡᠯᠭᠡᠭᠦᠷ ᠤᠨ ᠥᠷᠭᠡᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠲᠠᠶᠢᠹᠤᠰᠧ ᠬᠤᠰᠢᠭᠤᠨ ᠤ ᠲᠦᠮᠦᠰᠦᠨ ᠤ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠨᠤᠲᠠᠯᠠᠵᠤ᠂   ᠲᠠᠷᠢᠬᠤ ᠬᠡᠪᠴᠢᠶ᠎ᠡ ᠶᠡᠭᠡ᠂ ᠲᠠᠷᠢᠬᠤ ᠮᠡᠷᠭᠡᠵᠢᠯ ᠥᠨᠳᠥᠷ᠂ ᠠᠵᠤ ᠦᠢᠯᠡᠰ ᠤᠨ ᠬᠡᠯᠬᠢᠶ᠎ᠡ ᠪᠦᠷᠢᠨ ᠪᠦᠲᠦᠨ ᠪᠠᠶᠢᠨ᠎ᠠ ᠭᠡᠵᠦ ᠦᠵᠡᠭᠰᠡᠨ ᠪᠥᠭᠡᠳ ᠠᠷᠭ᠎ᠠ ᠲᠤᠷᠰᠢᠯᠭ᠎ᠠ ᠪᠠᠨ ᠰᠤᠷᠤᠯᠴᠠᠨ ᠰᠣᠯᠢᠯᠴᠠᠵᠤ᠂  ᠠᠵᠤ ᠦᠢᠯᠡᠰ ᠤᠨ ᠬᠦᠭᠵᠢᠯᠳᠡ ᠪᠠᠨ ᠠᠬᠢᠭᠤᠯᠤᠨ᠎ᠠ ᠭᠡᠵᠦ ᠰᠠᠨᠠᠯ ᠪᠤᠳᠤᠯ ᠢᠶᠠᠨ ᠢᠯᠡᠷᠭᠡᠶᠢᠯᠡᠵᠡᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号