ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ | ᠠᠪᠤᠷᠠᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠪᠦᠬᠦ ᠬᠤᠰᠢᠭᠤᠨ ᠤ ᠭᠡᠨᠡᠳᠲᠡ ᠡᠬᠦᠰᠬᠦ ᠠᠭᠤᠯᠠᠨ ᠦᠶᠡᠷ ᠤᠨ ᠭᠠᠮᠰᠢᠭ ᠤᠨ ᠪᠠᠶᠢᠳᠠᠯ ᠢ ᠲᠤᠰᠬᠠᠬᠤ ᠪᠠ | ᠰᠢᠢᠳᠪᠦᠷᠢᠯᠡᠬᠦ ᠴᠢᠳᠠᠪᠤᠷᠢ ᠶᠢ ᠲᠡᠭᠡᠭᠰᠢᠯᠡᠬᠦᠯᠬᠦ ᠶᠢᠨ ᠲᠤᠰᠠᠳᠠ᠂ 6 ᠰᠠᠷ᠎ᠠ ᠶᠢᠨ 6 ᠤ ᠡᠳᠦᠷ ᠲᠠᠶᠢᠹᠤᠰᠧ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠲᠠᠶᠢᠹᠤᠰᠧ ᠬᠤᠰᠢᠭᠤᠨ ᠤ ᠦᠶᠡᠷ ᠢ ᠰᠡᠷᠭᠡᠶᠢᠯᠡᠨ ᠭᠠᠮᠰᠢᠭ ᠲᠠᠢ | ᠲᠡᠮᠡᠴᠡᠬᠦ ᠵᠢᠯᠤᠭᠤᠳᠬᠤ ᠭᠠᠵᠠᠷ ᠠᠴᠠ ᠭᠤᠣᠯᠯᠠᠨ ᠡᠷᠭᠢᠯᠡᠵᠦ᠂ ᠲᠠᠶᠢᠹᠤᠰᠧ ᠬᠤᠰᠢᠭᠤᠨ ᠤ ᠦᠶᠡᠷ ᠢ ᠰᠡᠷᠭᠡᠶᠢᠯᠡᠨ | ᠭᠠᠮᠰᠢᠭ ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠯᠪᠠᠨ ᠭᠡᠷ᠂ ᠴᠢᠶᠠᠨ ᠶᠢᠨ ᠭᠧᠦ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ | ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠠᠴᠠ ᠬᠠᠷᠢᠭᠤᠴᠠᠨ ᠡᠷᠭᠢᠯᠡᠭᠰᠡᠨ ᠲᠠᠶᠢᠹᠤᠰᠧ ᠬᠤᠰᠢᠭᠤᠨ ᠤ | 2023 ᠣᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠴᠢᠶᠠᠨ ᠶᠢᠨ ᠭᠧᠦ ᠪᠠᠯᠭᠠᠰᠤᠨ ᠤ ᠰᠢ ᠱᠠᠨ ᠫᠦᠸᠧ ᠲᠣᠰᠬᠤᠨ ᠳᠤ ᠶᠠᠪᠤᠭᠳᠠᠪᠠ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠲᠡᠳ᠋ ᠬᠤᠰᠢᠭᠤ ᠳᠠᠷᠤᠭ᠎ᠠ ᠶᠢᠨ ᠶᠦᠩ ᠾᠧ ᠡᠨᠡ ᠤᠳᠠᠭᠠᠨ ᠤ | ᠰᠣᠷᠢᠯᠲᠠ ᠶᠢᠨ ᠶᠡᠷᠦᠩᠬᠡᠢ ᠺᠣᠮᠠᠨᠳ᠋ᠯᠠᠭᠴᠢ ᠪᠠᠷ ᠠᠵᠢᠯᠯᠠᠵᠠᠢ᠃ ᠶᠢᠨ ᠶᠦᠩ ᠾᠧ ᠶᠠᠷᠢᠶᠠᠨ ᠳᠠᠭᠠᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠨᠡ ᠤᠳᠠᠭᠠᠨ ᠤ ᠰᠣᠷᠢᠯᠲᠠ ᠪᠠᠷ ᠲᠣᠬᠢᠶᠠᠯ ᠪᠣᠯᠭᠠᠨ᠂ ᠦᠶᠡᠷ ᠢ | ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠡᠯ᠎ᠡ | ᠲᠦᠷᠦᠯ ᠤᠨ ᠦᠶᠡᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠂ ᠪᠠᠬᠢᠯᠡᠯᠲᠡ ᠪᠠᠨ ᠴᠢᠩᠳᠠᠯᠠᠵᠤ᠂ ᠪᠦᠭᠦ | ᠬᠦᠴᠦᠨ ᠢᠶᠠᠷ ᠴᠢᠷᠮᠠᠶᠢᠨ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠰᠣᠷᠢᠯᠲᠠ ᠶᠢᠨ ᠲᠠᠯᠠᠪᠠᠶ ᠳᠤ᠂ ᠴᠠᠭ ᠠᠭᠤᠷ ᠤᠨ ᠤᠯᠠᠪᠤᠷ | ᠥᠩᠭᠡ ᠶᠢᠨ ᠰᠡᠷᠡᠮᠵᠢᠨ ᠶᠢᠨ ᠲᠤᠬᠢᠶ᠎ᠠ ᠶᠢ ᠤᠯᠤᠭᠰᠠᠨ ᠤ ᠲᠠᠷᠠᠭ᠎ᠠ᠂ ᠴᠢᠶᠠᠨ ᠵᠢᠩ ᠭᠧᠦ ᠪᠠᠯᠭᠠᠰᠤᠨ ᠤ ᠰᠢ ᠱᠠᠨ | ᠫᠦᠸᠧ ᠲᠣᠰᠬᠤᠨ ᠤ ᠠᠷᠠᠳ ᠢᠷᠭᠡᠳ ᠢ ᠠᠶᠤᠯ ᠦᠬᠡᠢ ᠭᠠᠵᠠᠷ ᠲᠤ ᠰᠢᠯᠵᠢᠭᠦᠯᠵᠦ᠂ ᠬᠠᠰᠢᠭᠳᠠᠭᠰᠠᠨ ᠬᠥᠮᠥᠰ ᠢ | ᠡᠷᠢᠵᠦ ᠠᠪᠤᠷᠠᠬᠤ ᠵᠢᠴᠢ ᠭᠠᠮᠰᠢᠭᠳᠠᠭᠰᠠᠨ ᠣᠷᠣᠨ ᠤ ᠬᠢᠵᠢᠭ ᠰᠡᠷᠭᠡᠶᠢᠯᠡᠬᠦ ᠠᠵᠢᠯ ᠢ ᠦᠷᠨᠢᠬᠦᠯᠵᠦ ᠪᠠᠶᠢᠭ᠎ᠠ | ᠲᠠᠭᠤᠷᠢᠶᠠᠮᠠᠯ ᠰᠤᠷᠢᠯᠳᠠ ᠬᠢᠵᠡᠢ᠃ ᠲᠤᠬᠠᠶᠢᠯᠠᠪᠠᠯ᠄ ᠮᠡᠳᠡᠭᠳᠡᠯ ᠢ ᠣᠯᠣᠭᠰᠠᠨ ᠤ ᠲᠠᠷᠠᠭ᠎ᠠ᠂ ᠬᠤᠰᠢᠭᠤᠨ ᠤ | ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠵᠢᠯᠤᠭᠤᠳᠬᠤ ᠭᠠᠵᠠᠷ ᠠᠴᠠ ᠲᠦᠷᠭᠡᠨ ᠰᠢᠯᠵᠢᠭᠦᠯᠬᠦ ᠵᠠᠷᠯᠢᠭ | ᠪᠠᠭᠤᠯᠭᠠᠪᠠ᠃ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠲᠠᠷᠤᠢ ᠲᠦᠷᠭᠡᠨ ᠬᠥᠳᠡᠯᠦᠯᠴᠡᠵᠦ᠂ ᠣᠯᠠᠨ ᠲᠦᠮᠡᠨ | ᠢ ᠲᠠᠷᠬᠠᠭᠠᠨ ᠰᠢᠯᠵᠢᠭᠦᠯᠬᠦ ᠪᠠ ᠠᠶᠤᠯ ᠭᠠᠮᠰᠢᠭ ᠠᠴᠠ ᠠᠪᠤᠷᠠᠬᠤ ᠂ ᠡᠮᠨᠡᠯᠭᠡ ᠶᠢᠨ ᠲᠤᠰᠠᠯᠠᠮᠵᠢ᠂ ᠠᠮᠤᠷ ᠢ | ᠬᠠᠮᠠᠭᠠᠯᠠᠬᠤ᠂ ᠭᠠᠮᠰᠢᠭᠳᠠᠭᠰᠠᠨ ᠠᠷᠠᠳ ᠢ ᠲᠥᠪᠬᠢᠨᠡᠭᠦᠯᠬᠦ ᠵᠢᠴᠢ ᠭᠠᠮᠰᠢᠭ ᠤᠨ ᠳᠠᠷᠠᠭᠠᠬᠢ ᠬᠢᠵᠢᠭ ᠢ ᠰᠡᠷᠭᠡᠶᠢᠯᠡᠬᠦ | ᠵᠡᠷᠭᠡ ᠡᠯ᠎ᠡ ᠲᠦᠷᠦᠯ ᠤᠨ ᠠᠵᠢᠯ ᠢ ᠦᠳᠲᠡᠷ ᠲᠦᠷᠭᠡᠨ ᠵᠤᠬᠢᠶᠠᠨ ᠪᠠᠶᠢᠭᠤᠯᠵᠤ ᠶᠠᠪᠤᠭᠳᠠᠭᠤᠯᠤᠭᠠᠳ | ᠤᠷᠢᠳᠴᠢᠯᠠᠨ ᠵᠢᠱᠢᠭᠰᠡᠨ ᠦᠷ᠎ᠡ ᠳ᠋ᠦᠩ ᠳᠡᠭᠡᠨ ᠬᠦᠷᠴᠡᠢ᠃ ᠰᠣᠷᠢᠯᠲᠠ ᠳᠠᠭᠤᠰᠤᠭᠰᠠᠨ ᠤ ᠲᠠᠷᠠᠭ᠎ᠠ᠂ ᠠᠵᠢᠯᠲᠠᠳ | ᠪᠠᠰᠠ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠤᠳ ᠢ ᠲᠠᠷᠬᠠᠭᠠᠵᠤ᠂ ᠤᠯᠠᠨ | ᠲᠦᠮᠡᠨ ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠵᠠᠶᠢᠯᠠᠬᠤ ᠮᠡᠳᠡᠯᠭᠡ ᠶᠢ | ᠲᠦᠭᠡᠮᠡᠯᠵᠢᠭᠦᠯᠪᠡ᠃ ᠡᠨᠡ ᠤᠳᠠᠭᠠᠨ ᠤ ᠰᠣᠷᠢᠯᠲᠠ ᠪᠠᠷ ᠲᠠᠮᠵᠢᠭᠠᠳ᠂ ᠦᠶᠡᠷ ᠢ ᠰᠡᠷᠭᠡᠶᠢᠯᠡᠬᠦ ᠵᠢᠯᠤᠭᠤᠳᠬᠤ | ᠭᠠᠵᠠᠷ ᠤᠨ ᠡᠯ᠎ᠡ ᠭᠡᠰᠢᠬᠦᠨ ᠨᠢᠭᠡᠴᠡ ᠶᠢᠨ ᠦᠶᠡᠷ ᠤᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠬᠤ ᠬᠢᠷᠢ | ᠴᠢᠳᠠᠪᠤᠷᠢ ᠶᠢ ᠨᠡᠮᠡᠭᠳᠡᠭᠦᠯᠵᠦ᠂ ᠤᠯᠠᠨ ᠲᠦᠮᠡᠨ ᠤ ᠭᠠᠮᠰᠢᠭ ᠠᠴᠠ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠬᠡ | ᠠᠯᠬᠤᠮ ᠲᠡᠭᠡᠭᠰᠢᠯᠡᠬᠦᠯᠦᠭᠰᠡᠨ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ 260 ᠭᠠᠷᠤᠢ ᠬᠥᠮᠥᠨ | ᠰᠣᠷᠢᠯᠲᠠ ᠳᠤ ᠣᠷᠣᠯᠴᠠᠵᠠᠢ ᠃ |