ᠲᠠᠶᠢᠹᠦᠰᠧ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/8
     6 ᠰᠠᠷ᠎ᠠ ᠶᠢᠨ 7 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠣᠣ ᠹᠧᠢ ᠫᠧᠩ ᠲᠠᠶᠢᠹᠤᠰᠧ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠥᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠢᠷᠠᠭᠤ ᠠᠯᠳᠠᠷ ᠢ ᠬᠠᠮᠠᠭᠠᠯᠠᠨ᠂ ︽ᠭᠤᠷᠪᠠᠨ ᠰᠠᠯᠵᠤ ᠴᠢᠳᠠᠰᠢ ᠦᠭᠡᠢ︾ ᠶᠢ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠬᠦ ᠶᠢ ᠠᠬᠢᠭᠤᠯᠵᠤ᠂ ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠳᠠᠬᠢ ᠪᠦᠬᠦ ᠲᠠᠯ᠎ᠠ ᠶᠢᠨ ᠲᠥᠯᠦᠪᠵᠢᠭᠦᠯᠭᠡ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠤᠳᠤᠷᠢᠳᠬᠤ ᠳᠤᠭᠤᠶᠢᠯᠠᠩ ᠤᠨ ᠡᠯ᠎ᠡ ᠭᠡᠰᠢᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠤᠨ᠂ ᠨᠢᠭᠡᠳᠦᠯᠲᠡᠢ ᠲᠥᠯᠥᠪᠵᠢᠭᠦᠯᠬᠦ ᠪᠠ ᠵᠣᠬᠢᠴᠠᠭᠤᠯᠬᠤ ᠦᠢᠯᠡᠳᠦᠯ ᠢᠶᠠᠨ ᠤᠯᠠᠮ ᠰᠠᠶᠢᠨ ᠪᠠᠳᠠᠷᠠᠭᠤᠯᠬᠤ ᠬᠡᠷᠡᠭᠲᠡᠢ᠃ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠬᠢᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠴᠢᠬᠤᠯᠠᠴᠢᠯᠠᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠠᠶᠢᠲᠠᠢ ᠨᠢᠭᠡᠳᠦᠮᠡᠯ ᠹᠷᠣᠨᠲ ᠤᠨ ᠺᠠᠳ᠋ᠷ ᠤᠨ ᠡᠩᠨᠡᠭᠡ ᠶᠢ ᠪᠠᠶᠢᠭᠤᠯᠵᠤ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ  ᠴᠢᠨᠠᠭᠰᠢᠳᠠ ᠠᠬᠢᠭᠤᠯᠬᠤ ᠬᠡᠷᠡᠭᠲᠡᠢ ᠬᠡᠵᠦ  ᠴᠢᠬᠤᠯᠠᠴᠢᠯᠠᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠡᠯ᠎ᠡ ᠭᠡᠰᠢᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠰᠤᠮᠤ ᠰᠢᠶᠠᠩ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号