ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠬᠢᠨ ᠴᠢᠶᠠᠨ ᠶᠢᠨ ᠭᠧᠦ ᠪᠠᠯᠭᠠᠰᠤᠨ ᠳᠤ ᠭᠦᠨᠵᠡᠭᠡᠶᠢᠷᠡᠵᠦ  ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2023/6/9
   6 ᠰᠠᠷ᠎ᠠ ᠶᠢᠨ 7 ᠤ ᠡᠳᠦᠷ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ  ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠸᠠᠩ ᠶᠠᠨ ᠮᠢᠩ ᠬᠠᠮᠢᠶ᠎ᠠ ᠪᠦᠬᠦᠢ ᠰᠠᠯᠠᠭ᠎ᠠ ᠲᠠᠰᠤᠭ ᠤᠨ  ᠠᠵᠢᠯᠳᠠᠳ ᠢᠶᠠᠨ ᠲᠠᠭᠠᠭᠤᠯᠵᠤ᠂ ᠠᠶᠢᠮᠠᠭ ᠬᠤᠰᠢᠭᠤ ᠬᠤᠶᠠᠷ ᠱᠠᠲᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠲᠠᠢ ᠬᠤᠯᠪᠤᠭᠠᠯᠠᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠴᠢᠶᠠᠨ ᠶᠢᠨ ᠭᠧᠦ ᠪᠠᠯᠭᠠᠰᠤᠨ ᠳᠤ ᠭᠦᠨᠵᠡᠭᠡᠶᠢᠷᠡᠨ ᠦᠶᠡᠷ ᠤᠰᠤᠳᠠᠯ ᠢ ᠰᠡᠷᠭᠡᠶᠢᠯᠡᠨ ᠭᠠᠩ ᠬᠠᠭᠰᠠᠷᠭᠠᠨ ᠲᠠᠢ ᠲᠡᠮᠡᠴᠡᠬᠦ ᠠᠵᠢᠯ ᠢ  ᠪᠠᠶᠢᠴᠠᠭᠠᠨ ᠵᠢᠯᠤᠭᠤᠳᠴᠠᠢ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠵᠠᠩ ᠵᠢᠶᠠᠨ ᠬᠤᠩ ᠪᠠᠷ᠎ᠠ ᠪᠣᠯᠪᠠ᠃ ᠪᠠᠶᠢᠴᠠᠭᠠᠬᠤ ᠳᠤᠭᠤᠶᠢᠯᠠᠩ ᠤᠨ ᠬᠢᠨ ᠴᠢᠶᠠᠨ ᠶᠢᠨ ᠭᠸᠦ ᠪᠠᠯᠭᠠᠰᠤᠨ ᠤ ᠦᠶᠡᠷ ᠤᠰᠤᠳᠠᠯ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠡᠯᠡᠳᠬᠡᠯ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠳᠠᠩᠰᠠ ᠮᠠᠲ᠋ᠧᠷᠢᠶᠠᠯ ᠢ ᠪᠠᠶᠢᠴᠠᠭᠠᠨ ᠦᠵᠡᠵᠦ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠭᠰᠡᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠳᠠᠯ ᠵᠡᠷᠭᠡ ᠶᠢ ᠱᠠᠭᠠᠷᠳᠠᠨ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠠᠴᠠ᠂  ᠦᠶᠡᠷ ᠤᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 24 ᠴᠠᠭ ᠢᠶᠠᠷ ᠵᠢᠵᠢᠭᠦᠷᠯᠡᠨ ᠰᠠᠬᠢᠬᠤ᠂ ᠤᠳᠤᠷᠢᠳᠤᠯᠭ᠎ᠠ ᠲᠠᠭᠠᠭᠤᠯᠤᠨ ᠵᠢᠵᠢᠬᠦᠷᠯᠡᠬᠦ ᠳᠦᠷᠢᠮ ᠢ ᠴᠢᠩᠭᠠᠳᠬᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠴᠢᠩᠭᠠᠳᠬᠠᠵᠤ᠂ ᠡᠳ᠋ ᠪᠣᠳᠠᠰ ᠨᠥᠭᠡᠴᠡᠯᠡᠬᠦ᠂ ᠠᠶᠤᠯ ᠠᠴᠠ ᠠᠪᠤᠷᠠᠬᠤ ᠠᠵᠢᠯᠳᠠᠨ ᠤ ᠪᠣᠯᠪᠠᠰᠤᠷᠠᠯ ᠵᠡᠷᠭᠡ  ᠪᠡᠯᠡᠳᠬᠡᠯ ᠠᠵᠢᠯ ᠢ  ᠰᠠᠶᠢᠨ ᠬᠢᠬᠦ ᠬᠡᠷᠡᠭᠲᠡᠢ᠃ ᠭᠤᠣᠯᠳᠠᠯᠭ᠎ᠠ ᠲᠠᠢ ᠭᠠᠵᠠᠷ ᠣᠷᠣᠨ   ᠤ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠠᠷᠢᠯᠭᠠᠨ᠂ ᠦᠶᠡᠷ ᠤᠰᠤᠳᠠᠯ ᠢ ᠰᠡᠷᠭᠡᠶᠢᠯᠡᠨ ᠭᠠᠩ ᠬᠠᠭᠰᠠᠷᠭᠠᠨ ᠲᠠᠢ ᠲᠡᠮᠡᠴᠡᠬᠦ ᠡᠯ᠎ᠡ ᠲᠦᠷᠦᠯ ᠤᠨ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ ᠬᠡᠵᠦ  ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号