ᠭᠦᠸᠧ ᠰᠢᠤᠸᠠᠢ ᠴᠧᠨ ᠲᠠᠶᠢᠹᠦᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/6/9
 6 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠵᠠᠬᠢᠳᠠᠯ ᠰᠣᠷᠪᠤᠯᠵᠢᠯᠠᠭ᠎ᠠ ᠶᠢᠨ ᠲᠤᠪᠴᠢᠶᠠᠨ ᠤ ᠳᠠᠷᠤᠭ᠎ᠠ ᠭᠦᠸᠧ ᠰᠢᠤᠸᠠᠢ ᠴᠧᠨ ᠲᠠᠶᠢᠹᠤᠰᠧ ᠬᠤᠰᠢᠭᠤᠨ ᠳᠤ ᠬᠦᠨᠵᠡᠭᠡᠶᠢᠷᠡᠵᠦ᠂  ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠡᠬᠢ ᠰᠤᠷᠪᠤᠯᠵᠢ ᠠᠴᠠ ᠨᠢ ᠵᠠᠰᠠᠬᠤ ᠠᠵᠢᠯ ᠤᠨ ᠳᠤᠮᠳᠠ ᠠᠷᠠᠳ ᠤᠨ ᠲᠥᠯᠥᠭᠡᠯᠡᠭᠴᠢᠳ ᠤᠨ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠵᠡᠢ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ  ᠤᠨ ᠳᠡᠳ᠋ ᠡᠷᠬᠢᠯᠡᠭᠴᠢ ᠴᠧ  ᠱᠤ᠋ ᠷᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂ ᠳᠡᠳ᠋ ᠡᠷᠬᠢᠯᠡᠭᠴᠢ ᠯᠢ ᠱᠣᠸ ᠯᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠠᠷᠠᠳ ᠤᠨ ᠰᠢᠭᠦᠬᠦ ᠬᠤᠷᠢᠶᠠᠨ ᠤ ᠵᠥᠷᠢᠴᠡᠯ  ᠵᠢᠭᠤᠷᠠᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ᠂  ᠪᠤᠤᠴᠠᠩ ᠪᠠᠯᠭᠠᠰᠤᠨ ᠤ ᠵᠢᠶᠠᠨ ᠰᠢᠩ ᠨᠡᠶᠢᠭᠡᠮ ᠲᠣᠭᠤᠷᠢᠭ᠂ ᠶᠦᠩ ᠹᠧᠩ  ᠪᠠᠯᠭᠠᠰᠤᠨ ᠤ ︽ᠠᠷᠠᠳ ᠤᠨ ᠲᠥᠯᠥᠭᠡᠯᠡᠭᠴᠢᠳ ᠤᠨ ᠭᠡᠷ︾᠂ ᠴᠢᠶᠠᠨ  ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ ᠳᠤ ᠭᠦᠨᠵᠡᠭᠡᠶᠢᠷᠡᠵᠦ᠂  ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠠᠷᠠᠳ ᠤᠨ ᠲᠥᠯᠥᠭᠡᠯᠡᠭᠴᠢᠳ ᠤᠨ ᠦᠨᠳᠦᠰᠦᠨ ᠱᠠᠲᠤᠨ ᠤ ᠵᠠᠰᠠᠯᠲᠠ ᠳᠤ  ᠤᠷᠤᠯᠴᠠᠨ ᠦᠢᠯᠡᠳᠦᠯ ᠢᠶᠠᠨ ᠪᠠᠳᠠᠷᠠᠭᠤᠯᠵᠤ ᠪᠠᠶᠢᠭ᠎ᠠ ᠪᠠᠶᠢᠳᠠᠯ ᠢ   ᠤᠶᠢᠯᠠᠭᠠᠭᠰᠠᠨ ᠪᠠᠶᠢᠨ᠎ᠠ᠃  ᠯᠢ ᠵᠠᠨ ᠷᠦᠢ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠯᠢ ᠱᠣᠸ ᠯᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠠ  ᠠᠷᠠᠳ ᠤᠨ ᠲᠥᠯᠥᠭᠡᠯᠡᠭᠴᠢᠳ ᠤᠨ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ  ᠮᠡᠳᠡᠬᠦᠯᠦᠯᠳᠡ ᠬᠢᠵᠦ᠂ ᠵᠠᠩ ᠳ᠋ᠦᠩ ᠸᠧᠢ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠡᠬᠢ  ᠰᠤᠷᠪᠤᠯᠵᠢ ᠠᠴᠠ  ᠨᠢ ᠵᠠᠰᠠᠭᠰᠠᠨ ᠪᠠᠶᠢᠳᠠᠯ ᠤᠨ ᠲᠤᠬᠠᠢ ᠬᠠᠷᠢᠭᠤ  ᠮᠡᠳᠡᠬᠦᠯᠦᠯᠳᠡ ᠬᠢᠭᠰᠡᠨ ᠪᠦᠭᠡᠳ ᠬᠤᠷᠠᠯ ᠳᠤ ᠣᠷᠣᠯᠴᠠᠭᠰᠠᠳ ᠰᠠᠨᠠᠯ ᠢᠶᠠᠨ ᠰᠣᠯᠢᠯᠴᠠᠨ ᠶᠠᠷᠢᠯᠴᠠᠪᠠ᠃ ᠭᠦᠸᠧ ᠰᠢᠤᠸᠠᠢ ᠴᠧᠨ ᠠᠴᠠ᠂ ᠠᠷᠠᠳ ᠤᠨ ᠲᠥᠯᠥᠭᠡᠯᠡᠭᠴᠢᠳ ᠡᠷᠭᠡᠪᠰᠢ  ᠣᠯᠠᠨ ᠲᠦᠮᠡᠨ ᠲᠠᠢ ᠨᠢᠭᠲᠠ ᠬᠠᠷᠢᠴᠠᠬᠤ᠂  ᠠᠰᠠᠭᠤᠳᠠᠯ ᠢ ᠡᠷᠲᠡ ᠢᠯᠡᠷᠡᠬᠦᠯᠬᠦ  ᠤᠨᠴᠠᠯᠢᠭ ᠢᠶᠠᠨ  ᠭᠦᠢᠴᠡᠳ ᠠᠰᠢᠭᠯᠠᠵᠤ᠂  ︽ᠠᠷᠠᠳ ᠤᠨ ᠲᠥᠯᠥᠭᠡᠯᠡᠭᠴᠢᠳ ᠤᠨ ᠭᠡᠷ︾᠂  ︽ᠠᠷᠠᠳ ᠲᠦᠯᠦᠭᠡᠯᠡᠭᠴᠢᠳ ᠤᠨ ᠬᠠᠷᠢᠯᠴᠠᠬᠤ ᠥᠷᠲᠡᠭᠡᠨ︾ ᠤ ᠦᠢᠯᠡᠳᠦᠯ ᠵᠢᠴᠢ ᠵᠥᠷᠢᠴᠡᠯ ᠵᠢᠭᠤᠷᠠᠭᠠᠨ ᠢ ᠡᠶᠡᠳᠡᠭᠦᠯᠦᠨ ᠰᠢᠢᠳᠪᠦᠷᠢᠯᠡᠬᠦ ᠠᠵᠢᠯ ᠤᠨ ᠳᠤᠮᠳᠠᠬᠢ ᠠᠷᠠᠳ ᠤᠨ ᠲᠥᠯᠥᠭᠡᠯᠡᠭᠴᠢᠳ ᠤᠨ ᠳᠠᠪᠠᠭᠤᠯᠢᠭ  ᠢᠶᠠᠨ ᠪᠠᠳᠠᠷᠠᠭᠤᠯᠵᠤ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠨ  ᠂ ᠣᠯᠠᠨ ᠲᠦᠮᠡᠨ ᠤ  ᠬᠦᠰᠡᠯ ᠪᠤᠳᠤᠯ ᠢ ᠴᠠᠭ ᠲᠤᠬᠠᠢ ᠳᠤᠨᠢ ᠡᠵᠡᠮᠰᠢᠵᠦ᠂ ᠠᠷᠠᠳ ᠣᠯᠠᠨ ᠤ ︽ᠰᠡᠳᠬᠢᠯ ᠤᠨ ᠬᠥᠮᠥᠨ︾ ᠪᠣᠯᠵᠤ᠂ ᠵᠥᠷᠢᠴᠡᠯ ᠢ ᠣᠯᠠᠨ ᠲᠦᠮᠡᠨ ᠤ ︽ᠭᠡᠷ ᠤᠨ ᠡᠭᠦᠳᠡᠨ   ᠳᠤᠨᠢ︾  ᠠᠷᠢᠯᠭᠠᠨ᠂ ︽ᠵᠢᠵᠢᠭ ᠵᠦᠷᠢᠴᠡᠯ ᠢ ᠲᠣᠰᠬᠤᠨ   ᠠᠴᠠ ᠭᠠᠷᠭᠠᠬᠤ ᠦᠭᠡᠢ᠂ ᠲᠣᠮᠣ ᠵᠥᠷᠢᠴᠡᠯ ᠢ ᠰᠤᠮᠤ ᠰᠢᠶᠠᠩ ᠪᠠᠯᠭᠠᠰᠤ   ᠠᠴᠠ ᠭᠠᠷᠭᠠᠬᠤ ᠦᠭᠡᠢ︾ ᠪᠠᠶᠢᠯᠭᠠᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ  ᠨᠡᠪᠳᠡᠷᠡᠬᠦᠯᠬᠦ ᠭᠡᠷᠡᠭᠳᠡᠢ ᠬᠡᠵᠦ  ᠴᠢᠬᠤᠯᠠᠴᠢᠯᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠱᠠᠲᠤᠨ ᠤ ᠭᠡᠰᠡᠭ ᠠᠷᠠᠳ ᠤᠨ ᠲᠥᠯᠥᠭᠡᠯᠡᠭᠴᠢ ᠵᠢᠴᠢ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠳᠠᠨ ᠶᠠᠷᠢᠯᠴᠠᠬᠤ ᠬᠤᠷᠠᠯ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号