ᠬᠤᠰᠢᠭᠤ ᠨᠠᠮ ᠤᠨ ᠬᠤᠷᠢᠶᠠᠨ ᠤ ᠲᠤᠭᠤᠷᠢᠨ  ᠪᠠᠶᠢᠴᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/9
  6 ᠰᠠᠷ᠎ᠠ ᠶᠢᠨ 8 ᠤ ᠡᠳᠦᠷ᠂  ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠶᠧ ᠶᠢᠨ ᠳ᠋ᠦᠩ ᠬᠤᠷᠠᠯ ᠢ ᠡᠷᠬᠢᠯᠡᠨ᠂ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠮᠡᠳᠡᠭᠳᠡᠪᠡ᠃ ᠬᠤᠷᠠᠯ ᠠᠴᠠ  ᠴᠢᠬᠤᠯᠠᠴᠢᠯᠠᠬᠤ  ᠳᠠᠭᠠᠨ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠨ᠎ᠡ ᠪᠠᠶᠢᠷᠢ ᠲᠣᠭᠲᠠᠭᠠᠯᠲᠠ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠦᠨᠳᠦᠰᠦᠨ ᠱᠠᠲᠤᠨ ᠤ ᠨᠢᠬᠡᠳᠦᠭᠡᠷ ᠹᠷᠣᠨᠲ ᠲᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠪᠠ ᠣᠯᠠᠨ ᠲᠦᠮᠡᠨ ᠤ ᠳᠡᠷᠭᠡᠳᠡ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠪᠠᠷ ᠲᠠᠮᠵᠢᠭᠠᠳ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠪᠦᠲᠦᠭᠡᠯᠴᠢ ᠬᠦᠴᠦᠨ ᠪᠠ ᠳᠠᠶᠢᠴᠢᠨ ᠬᠦᠴᠦᠨ ᠢ ᠴᠢᠩᠭᠠᠷᠠᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ   ᠬᠠᠷᠢᠭᠤ ᠲᠤᠰᠬᠠᠭᠰᠠᠨ ᠠᠰᠠᠭᠤᠳᠠᠯ ᠯᠤᠭ᠎ᠠ ᠨᠠᠷᠢᠨ ᠬᠢᠨᠠᠮᠠᠭᠠᠢ ᠬᠠᠷᠢᠴᠠᠭᠤᠯᠤᠨ᠂ ᠪᠦᠬᠦ ᠲᠠᠯ᠎ᠠ ᠪᠠᠷ ᠳ᠋ᠦᠩᠨᠡᠵᠦ᠂ ᠭᠦᠨᠵᠡᠭᠡᠢ ᠲᠤᠩᠭᠠᠨ ᠪᠣᠳᠣᠯᠬᠢᠯᠠᠵᠤ᠂ ᠵᠥᠷᠢᠶ᠎ᠡ ᠪᠠᠨ ᠡᠷᠢᠵᠦ᠂ ᠴᠡᠭᠴᠡᠯᠡᠯᠳᠡ ᠶᠢ ᠠᠳᠬᠤᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠲᠣᠭᠤᠷᠢᠨ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠤᠯᠠᠮ ᠴᠢᠩᠭᠠᠳᠬᠠᠨ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠨᠠᠮ ᠤᠨ ᠰᠠᠬᠢᠯᠭ᠎ᠠ ᠪᠠᠳᠤ ᠪᠠ ᠬᠠᠤᠯᠢ ᠲᠦᠷᠢᠮ ᠢ ᠨᠠᠷᠢᠨ ᠬᠢᠨᠠᠮᠠᠭᠠᠢ  ᠰᠤᠷᠤᠯᠴᠠᠨ᠂ ᠬᠢᠨᠠᠯᠲᠠ ᠲᠠᠯᠪᠢᠬᠤ ᠬᠦᠷᠢᠶ᠎ᠡ ᠴᠠᠷᠠᠭᠠᠨ ᠤ ᠪᠠᠨ ᠲᠤᠰᠬᠠᠢ ᠮᠡᠷᠭᠡᠵᠢᠯ ᠤᠨ ᠮᠡᠳᠡᠯᠭᠡ ᠶᠢ ᠦᠨᠡᠨᠬᠦ ᠡᠵᠡᠮᠰᠢᠵᠦ᠂ ᠪᠥᠬᠦ ᠬᠤᠰᠢᠭᠤᠨ ᠤ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠳᠤ ᠬᠦᠴᠦᠳᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ ᠬᠤᠷᠠᠯ ᠠᠴᠠ ᠪᠠᠰᠠ ᠬᠡᠰᠡᠭ ᠪᠠᠶᠢᠭᠤᠯᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠪᠠᠶᠢᠨ᠎ᠠ᠃ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ᠂ ᠰᠢᠯᠢ ᠶᠢᠨ ᠭᠤᠣᠯ ᠠᠶᠢᠮᠠᠭ ᠤᠨ ᠠᠵᠤ ᠦᠢᠯᠡᠰ ᠤᠨ ᠰᠢᠯᠵᠢᠯᠲᠡ ᠶᠢ ᠳᠠᠭᠠᠭᠠᠨ ᠠᠪᠴᠤ ᠨᠡᠭᠡᠭᠡᠨ ᠬᠥᠭᠵᠢᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠵᠢᠴᠢ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠳ᠂  ᠪᠠᠶᠢᠴᠠᠭᠠᠭᠳᠠᠬᠤ ᠨᠢᠭᠡᠴᠡ ᠶᠢᠨ   ᠭᠤᠣᠯ ᠬᠠᠷᠢᠭᠤᠴᠠᠯᠭᠠᠲᠠᠨ᠂  ᠲᠣᠭᠤᠷᠢᠨ ᠪᠠᠶᠢᠴᠠᠭᠠᠬᠤ ᠠᠯᠪᠠᠨ ᠭᠡᠷ ᠤᠨ ᠭᠤᠣᠯ ᠬᠠᠷᠢᠭᠤᠴᠠᠯᠭᠠᠲᠠᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号