ᠲᠠᠶᠢᠹᠤᠰᠧ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠤᠳᠤᠷᠢᠳᠬᠤ ᠳᠤᠭᠤᠶᠢᠯᠠᠩ ᠵᠢᠴᠢ  ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/9
  6 ᠰᠠᠷ᠎ᠠ ᠶᠢᠨ 8 ᠤ ᠡᠳᠦᠷ᠂ ᠲᠠᠶᠢᠹᠤᠰᠧ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠤᠳᠤᠷᠢᠳᠬᠤ ᠳᠤᠭᠤᠶᠢᠯᠠᠩ ᠵᠢᠴᠢ ᠪᠥᠬᠦ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ᠂  ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠣᠣ ᠹᠧᠢ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ᠂ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠴᠧᠨ ᠶᠠᠨ ᠪᠦᠦ ᠬᠤᠷᠠᠯ ᠢ ᠡᠷᠭᠢᠯᠡᠪᠡ᠃ ᠬᠤᠷᠠᠯ ᠠᠴᠠ  ᠴᠢᠬᠤᠯᠠᠴᠢᠯᠠᠬᠤ ᠳᠠᠭᠠᠨ᠂ ᠡᠨᠡ ᠵᠢᠯ ᠲᠠᠶᠢᠹᠤᠰᠧ ᠬᠤᠰᠢᠭᠤ  ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ︽ᠬᠤᠶᠠᠷ ᠢ ᠬᠦᠷᠢᠶᠡᠯᠡᠬᠦ︾ ᠠᠵᠢᠯ ᠤᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠪᠤᠯᠬᠤᠷ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠭᠦᠨᠵᠡᠭᠡᠶᠢᠷᠡᠭᠦᠯᠵᠦ᠂ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠬᠦᠷᠭᠡᠯᠡᠨ᠂ ᠴᠡᠷᠢᠭ ᠢᠶᠠᠨ ᠬᠦᠷᠢᠶᠡᠯᠡᠵᠦ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠬᠠᠤᠯᠢ ᠲᠦᠷᠢᠮ ᠢ ᠤᠯᠠᠮ ᠰᠠᠶᠢᠨ ᠨᠠᠶᠢᠳᠠᠪᠤᠷᠢᠵᠢᠭᠤᠯᠬᠤ ᠬᠡᠷᠡᠭᠲᠡᠢ᠃  ᠡᠭᠦᠷᠭᠡ ᠬᠠᠷᠢᠭᠤᠴᠠᠯᠭ᠎ᠠ ᠲᠠᠢ ᠪᠠᠨ ᠨᠢᠮᠪᠠᠢ ᠬᠠᠷᠢᠴᠠᠭᠤᠯᠵᠤ᠂ ᠰᠢᠨᠵᠢᠯᠡᠬᠦ ᠤᠬᠠᠭᠠᠨᠴᠢ ᠪᠠᠷ  ᠲᠦᠯᠦᠪᠯᠡᠨ᠂ ᠭᠤᠣᠯᠳᠠᠯᠭ᠎ᠠ ᠶᠢ ᠲᠤᠪᠤᠶᠢᠯᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠡᠭᠦᠷᠭᠡᠯᠡᠵᠦ ᠪᠦᠬᠦᠢ ᠪᠣᠳᠠᠲᠠᠢ ᠠᠵᠢᠯ ᠤᠨ ᠭᠦᠢᠴᠡᠳᠬᠡᠯ ᠲᠤᠭ᠎ᠠ ᠪᠠᠨ ᠨᠠᠷᠢᠨ ᠨᠢᠮᠪᠠᠢ ᠨᠠᠶᠢᠳᠠᠪᠤᠷᠢᠵᠢᠭᠤᠯᠵᠤ᠂  ᠲᠠᠶᠢᠹᠤᠰᠧ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠪᠠ ᠬᠤᠶᠠᠷ ᠢ ᠬᠦᠷᠢᠶᠡᠯᠡᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ ᠲᠠᠶᠢᠹᠤᠰᠧ  ᠬᠤᠰᠢᠭᠤᠨ ᠤ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠪᠡ᠃ ᠬᠤᠷᠠᠯ  ᠲᠡᠭᠡᠷ᠎ᠡ᠂  ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ  ᠶᠠᠨ ᠠᠨ ᠤ ︽ᠬᠤᠶᠠᠷ ᠢ ᠬᠦᠷᠢᠶᠡᠯᠡᠬᠦ︾ ᠬᠥᠳᠡᠯᠭᠡᠭᠡᠨ ᠤ 80 ᠵᠢᠯ ᠤᠨ ᠣᠶ   ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠳ᠋ ᠲᠡᠷᠢᠭᠦᠯᠡᠭᠴᠢ ᠾᠧ ᠸᠧᠢ ᠳ᠋ᠦᠩ ᠨᠥᠬᠦᠷ ᠤᠨ ᠶᠠᠷᠢᠶᠠᠨ ᠤ ᠵᠣᠷᠢᠭ ᠰᠠᠨᠠᠭ᠎ᠠ   ᠶᠢ ᠤᠯᠠᠮᠵᠢᠯᠠᠨ ᠰᠤᠷᠤᠯᠴᠠᠭᠰᠠᠨ ᠤ ᠬᠠᠮᠳᠤ᠂ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠠᠵᠢᠯ   ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠶᠠᠷ ᠢ ᠬᠦᠷᠢᠶᠡᠯᠡᠬᠦ ᠠᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠤ ᠲᠠᠶᠢᠯᠪᠤᠷᠢ ᠬᠢᠭᠰᠡᠨ ᠪᠠᠶᠢᠨ᠎ᠠ᠃ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠤᠳᠤᠷᠢᠳᠬᠤ ᠳᠤᠭᠤᠶᠢᠯᠠᠩ᠂ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠭᠡᠰᠢᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ  ᠱᠦᠵᠢ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号