ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/9
   6 ᠰᠠᠷ᠎ᠠ ᠶᠢᠨ 8 ᠤ ᠡᠳᠦᠷ᠂   ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠵᠤ᠂  ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠬᠢᠨᠠᠨ ᠪᠤᠳᠤᠬᠤ ᠵᠥᠪᠯᠡᠯ ᠤᠨ ᠡᠷᠬᠢᠯᠡᠭᠴᠢ ᠵᠣᠣ ᠹᠧᠢ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠬᠤᠰᠢᠭᠤ ᠳᠠᠷᠤᠭ᠎ᠠ᠂ ᠬᠢᠨᠠᠨ ᠪᠤᠳᠤᠬᠤ ᠵᠥᠪᠯᠡᠯ ᠤᠨ ᠳᠡᠳ᠋ ᠡᠷᠬᠢᠯᠡᠭᠴᠢ ᠴᠧᠨ ᠶᠠᠨ ᠪᠦᠦ ᠬᠤᠷᠠᠯ ᠢ ᠡᠷᠭᠢᠯᠡᠪᠡ᠃ ᠬᠤᠷᠠᠯ ᠠᠴᠠ᠂ ᠬᠢᠨᠠᠨ ᠪᠤᠳᠤᠬᠤ ᠵᠥᠪᠯᠡᠯ ᠤᠨ ᠠᠵᠢᠯ ᠤᠨ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠦᠪᠯᠡᠷᠡᠬᠦᠯᠦᠨ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠵᠡᠷᠭᠡ ᠶᠢᠨ ᠬᠢᠨᠠᠨ ᠪᠤᠳᠤᠬᠤ ᠠᠵᠢᠯ ᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠵᠣᠬᠢᠰᠲᠠᠢ ᠲᠣᠬᠢᠷᠠᠭᠤᠯᠬᠤ᠂ ᠥᠨᠳᠥᠷ ᠪᠦᠲᠦᠮᠵᠢᠲᠡᠢ ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠬᠠᠷᠠᠯᠲᠠ ᠡᠭᠦᠷᠭᠡ ᠶᠢ ᠰᠠᠶᠢᠳᠤᠷ ᠠᠩᠬᠠᠷᠤᠨ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯ ᠶᠠᠪᠤᠳᠠᠯ ᠬᠢᠵᠦ᠂ ᠢᠯᠡᠷᠡᠭᠦᠯᠦᠭᠰᠡᠨ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠦᠷ᠎ᠡ ᠪᠦᠲᠦᠮᠵᠢ ᠪᠠ ᠬᠢᠷᠢ ᠲᠦᠪᠰᠢᠨ ᠢ ᠲᠡᠭᠡᠭᠰᠢᠯᠡᠬᠦᠯᠬᠦ ᠬᠡᠷᠡᠭᠲᠡᠢ᠃ ᠣᠷᠣᠨ ᠨᠤᠲᠤᠭ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ  ᠤᠶᠠᠯᠳᠤᠭᠤᠯᠵᠤ᠂ ᠪᠥᠬᠦ ᠬᠤᠰᠢᠭᠤᠨ ᠤ ᠬᠢᠨᠠᠨ ᠪᠤᠳᠤᠬᠤ  ᠬᠦᠷᠢᠶ᠎ᠡ ᠴᠠᠷᠠᠭᠠᠨ ᠤ ᠴᠢᠬᠤᠯᠠ ᠶᠡᠭᠡ ᠠᠵᠢᠯ ᠢ ᠶᠡᠷᠦᠩᠬᠡᠢ ᠳᠤᠨᠢ ᠪᠠᠶᠢᠷᠢᠰᠢᠭᠤᠯᠤᠨ᠂ ᠪᠦᠬᠦᠯᠢ ᠴᠣᠭᠴᠠ ᠪᠠᠷ ᠠᠬᠢᠭᠤᠯᠵᠤ᠂ ᠵᠣᠯᠭᠠᠯᠴᠠᠭ᠎ᠠ ᠤᠷᠤᠭᠰᠢᠲᠠᠢ᠂ ᠪᠠᠲᠤᠯᠠᠭ᠎ᠠ ᠬᠦᠴᠦᠲᠡᠢ᠂ ᠬᠠᠮᠵᠢᠯᠴᠠᠭ᠎ᠠ ᠪᠦᠲᠦᠮᠵᠢᠲᠡᠶ ︽ᠶᠡᠭᠡ ᠬᠢᠨᠠᠯᠲᠠ︾ ᠶᠢᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠰᠢᠭᠤᠨ ᠤ ᠬᠢᠨᠠᠨ ᠪᠤᠳᠤᠬᠤ ᠵᠥᠪᠯᠡᠯ ᠤᠨ ᠳᠡᠳ᠋ ᠡᠷᠬᠢᠯᠡᠭᠴᠢ ᠪᠡ ᠬᠡᠰᠢᠬᠦᠳ ᠬᠤᠷᠠᠯ ᠳᠤ  ᠤᠷᠤᠯᠴᠠᠵᠤ  ᠂  ᠬᠢᠨᠠᠨ ᠪᠤᠳᠤᠬᠤ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号