ᠦᠨᠳᠦᠰᠦᠨ ᠱᠠᠳᠤᠨ ᠳᠤ ᠬᠦᠨᠵᠡᠬᠡᠶᠢᠷᠡᠵᠦ ᠵᠡᠮᠳᠡᠭ ᠬᠦᠮᠦᠰ ᠲᠤ ᠦᠢᠯᠡᠴᠢᠯᠡᠪᠡ
ᠨᠡᠶᠢᠲᠡᠯᠡᠭᠰᠡᠨ ᠴᠠᠭ᠄
2023/6/9
  6 ᠰᠠᠷ᠎ᠠ ᠶᠢᠨ 7 ᠤ ᠡᠳᠦᠷ᠂ ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ᠂  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂  ᠬᠢᠳᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠨᠠᠷ ᠬᠦᠨᠪᠤᠯᠠᠭ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ᠂ ᠵᠡᠮᠳᠡᠭᠴᠤᠳ ᠲᠤ ᠬᠠᠨᠳᠤᠭᠰᠠᠨ ᠡᠮᠨᠡᠯᠭᠡ ᠶᠢᠨ ᠦᠢᠯᠡᠴᠢᠯᠡᠭᠡ ᠬᠢᠵᠡᠢ᠃  ᠲᠤᠰᠬᠠᠢ ᠮᠡᠷᠭᠡᠵᠢᠯᠲᠡᠨ ᠠᠴᠠ ᠵᠡᠮᠳᠡᠭ ᠬᠦᠮᠦᠰ ᠤᠨ  ᠪᠡᠶ᠎ᠡ ᠶᠢᠨ ᠪᠠᠶᠢᠳᠠᠯ ᠪᠠ ᠡᠪᠡᠳᠴᠢᠨ ᠤ ᠲᠡᠦᠬᠡ ᠶᠢ ᠨᠢ ᠨᠠᠷᠢᠨ ᠣᠶᠢᠯᠠᠭᠠᠵᠤ᠂ ᠲᠡᠳᠡᠨ ᠳᠤ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ ᠬᠡᠮᠵᠢᠬᠦ᠂ ᠵᠡᠭᠦᠦ ᠲᠥᠭᠡᠨᠡᠯᠭᠡ᠂ ᠢᠯᠢᠵᠦ ᠨᠤᠬᠤᠯᠠᠬᠤ᠂ ᠹᠢᠽᠢᠺ ᠵᠠᠰᠠᠯ ᠵᠡᠷᠭᠡ ᠣᠯᠠᠨ ᠵᠦᠢᠯ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢ ᠬᠠᠩᠭᠠᠵᠤ᠂ ᠵᠡᠮᠳᠡᠭᠴᠦᠳ ᠲᠤ ᠡᠷᠡᠭᠦᠯᠵᠢᠯ ᠤᠨ ᠲᠠᠩᠰᠠ ᠡᠪᠬᠡᠮᠡᠯ ᠪᠠᠶᠢᠭᠤᠯᠤᠨ ᠦᠭᠴᠦ᠂ ᠵᠡᠮᠳᠡᠭᠴᠦᠳ ᠤᠨ ᠡᠷᠡᠭᠦᠯ ᠠᠮᠢᠳᠤᠷᠠᠯ ᠤᠨ ᠳᠠᠳᠬᠠᠯ ᠲᠠᠢ ᠪᠣᠯᠬᠤ ᠶᠢ ᠵᠤᠷᠢᠬᠵᠢᠭᠤᠯᠬᠤ ᠶᠢᠨ ᠬᠠᠮᠲᠤ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠬᠢᠨ ᠳᠤ ᠵᠦᠢ ᠵᠣᠬᠢᠰᠲᠠᠢ ᠬᠤᠭᠤᠯᠠ ᠤᠮᠳᠠ᠂ ᠬᠥᠳᠡᠯᠭᠡᠭᠡᠨ ᠵᠢᠴᠢ ᠰᠤᠪᠢᠯᠠᠯᠲᠠ ᠶᠢᠨ ᠵᠢᠯᠣᠭᠤᠳᠤᠯᠭ᠎ᠠ ᠬᠢᠵᠦ᠂ ᠵᠡᠮᠳᠡᠭᠴᠦᠳ ᠢ ᠣᠶᠢᠯᠠᠭᠠᠬᠤ᠂  ᠵᠡᠮᠳᠡᠭᠴᠦᠳ ᠢ ᠬᠠᠯᠠᠮᠵᠢᠯᠠᠬᠤ᠂  ᠵᠡᠮᠳᠡᠭᠴᠦᠳ ᠢ ᠬᠦᠨᠳᠦᠳᠬᠡᠬᠦ᠂  ᠵᠡᠮᠳᠡᠭᠴᠦᠳ ᠢ ᠬᠠᠪᠰᠤᠷᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠵᠠᠢ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠦᠢᠯᠡᠳᠦᠯ ᠴᠢᠳᠠᠮᠵᠢ ᠪᠠᠨ ᠤᠯᠠᠮ ᠰᠠᠶᠢᠨ ᠪᠠᠳᠠᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ   ᠤᠳ ᠲᠠᠢ ᠬᠤᠯᠪᠤᠭᠠᠯᠠᠨ᠂ ᠵᠡᠮᠳᠡᠭᠴᠦᠳ ᠤᠨ ᠪᠡᠶ᠎ᠡ ᠮᠠᠬᠠᠪᠤᠳ ᠵᠢᠴᠢ ᠰᠡᠳᠬᠢᠯ ᠤᠨ ᠡᠷᠡᠭᠦᠯᠵᠢᠯ ᠤᠨ ᠲᠠᠯ᠎ᠠ ᠪᠠᠷ ᠬᠢ ᠬᠠᠪᠰᠤᠷᠤᠯᠭ᠎ᠠ ᠪᠠ ᠳᠡᠮᠵᠢᠯᠭᠡ  ᠶᠢ ᠴᠢᠩᠭᠠᠳᠬᠠᠵᠤ᠂ ᠠᠶᠢᠯ ᠡᠷᠦᠬᠡ ᠪᠠᠷ ᠬᠦᠨᠵᠡᠬᠡᠶᠢᠷᠡᠨ᠂  ᠦᠢᠯᠡᠴᠢᠯᠡᠭᠡᠨ ᠤ ᠠᠵᠢᠯ ᠢ ᠨᠠᠷᠢᠯᠢᠭ ᠮᠦᠷᠳᠡᠭᠡᠨ ᠪᠣᠳᠠᠲᠠᠢ ᠪᠠᠷ ᠬᠢᠵᠦ᠂ ᠵᠡᠮᠳᠡᠭᠴᠦᠳ ᠲᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ  ᠨᠡᠪᠳᠡᠷᠡᠬᠦᠯᠬᠦ ᠪᠠᠷ ᠪᠠᠶᠢᠨ᠎ᠠ᠃  ᠲᠤᠰ ᠡᠳᠦᠷ᠂  ᠲᠤᠰᠬᠠᠢ ᠮᠡᠷᠭᠡᠵᠢᠯᠳᠡᠳ 46 ᠨᠡᠷ᠎ᠡ ᠵᠡᠮᠳᠡᠭ ᠬᠦᠮᠦᠨ ᠳᠤ ᠨᠠᠷᠢᠯᠢᠭ ᠣᠨᠣᠴᠠᠲᠠᠢ ᠡᠷᠡᠭᠦᠯᠵᠢᠯ ᠤᠨ ᠦᠢᠯᠡᠴᠢᠯᠡᠭᠡ ᠬᠠᠩᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号