︽ᠠᠽᠢᠶ᠎ᠠ ᠨᠣᠮᠣᠬᠠᠨ ᠲᠡᠯᠡᠶ ᠶᠢᠨ ᠣᠷᠣᠨ ᠤ ᠳᠠᠭᠤᠤ ᠬᠥᠭᠵᠢᠮ ᠤᠨ ᠨᠠᠶᠢᠷ︾ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠵᠢᠷᠤᠮ ᠪᠠ  ᠪᠠᠷᠠᠭᠠᠨ ᠤ ᠦᠨ᠎ᠡ ᠬᠠᠩᠰᠢ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/7/12
    ᠪᠥᠬᠦ ᠬᠤᠰᠢᠭᠤᠨ ᠤ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠪᠣᠯᠣᠨ ᠥᠷᠭᠡᠨ ᠣᠯᠠᠨ ᠬᠡᠷᠡᠭᠯᠡᠭᠴᠢᠳ ᠲᠤ᠄    ︽ᠠᠽᠢᠶ᠎ᠠ ᠨᠣᠮᠣᠬᠠᠨ ᠲᠠᠯᠠᠢ ᠶᠢᠨ ᠣᠷᠣᠨ ᠤ ᠳᠠᠭᠤᠤ ᠬᠥᠭᠵᠢᠮ ᠤᠨ ᠨᠠᠶᠢᠷ︾ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠵᠢᠷᠤᠮ ᠪᠠ ᠪᠠᠷᠠᠭᠠᠨ ᠤ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠡᠶ᠎ᠡ ᠵᠣᠬᠢᠴᠠᠯ ᠲᠠᠢ ᠭᠡᠷᠡᠭᠯᠡᠭᠡᠨ ᠤ ᠤᠷᠴᠢᠨ ᠲᠤᠭᠤᠷᠢᠨ ᠢ ᠪᠠᠶᠢᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ   ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ   ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠳᠦᠭᠡᠭᠳᠡᠬᠦᠨ ᠤ ᠶᠠᠰᠤ ᠴᠢᠨᠠᠷ ᠤᠨ ᠬᠠᠤᠯᠢ︾᠂ ︽ᠦᠨ᠎ᠡ ᠬᠠᠩᠰᠢ   ᠶᠢ ᠢᠯᠡ ᠬᠠᠳᠠᠬᠤ ᠪᠠ ᠦᠨ᠎ᠡ ᠬᠠᠩᠰᠢ   ᠶᠢᠨ ᠮᠡᠬᠡᠯᠡᠯ   ᠢ ᠴᠠᠭᠠᠵᠠᠯᠠᠬᠤ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠲᠦᠷᠢᠮ ᠲᠣᠭᠲᠠᠭᠠᠯ   ᠢ ᠦᠨᠳᠦᠰᠦᠯᠡᠵᠦ ᠂ ᠳᠣᠣᠷᠠᠬᠢ ᠮᠡᠲᠦ ᠵᠠᠷᠯᠠᠯ ᠢ ᠨᠡᠶᠢᠳᠡᠯᠡᠪᠡ᠃       ᠨᠢᠭᠡ᠂ ᠡᠵᠡᠩᠨᠡᠯᠲᠡ ᠶᠢᠨ ᠭᠤᠣᠯ ᠴᠣᠭᠴᠠ ᠤᠳ ᠨᠢ ᠦᠨ᠎ᠡ ᠬᠠᠩᠰᠢ ᠶᠢᠨ ᠱᠠᠭᠠᠷᠳᠠᠯᠭ᠎ᠠ ᠶᠢ ᠴᠢᠩᠭᠠᠳᠬᠠᠵᠤ᠂ ᠦᠨ᠎ᠡ ᠬᠠᠩᠰᠢ ᠶᠢᠨ ᠬᠠᠤᠯᠢ ᠴᠠᠭᠠᠵᠠ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢ ᠳᠠᠭᠠᠬᠤ ᠬᠡᠷᠡᠭᠲᠡᠢ᠃ ᠡᠷᠬᠡ ᠲᠡᠭᠰᠢ᠂ ᠲᠥᠪ ᠭᠤᠣᠯᠴᠢ᠂ ᠬᠠᠤᠯᠢ ᠶᠤᠰᠤᠨ ᠤ ᠪᠠ ᠦᠨᠡᠨᠴᠢ ᠢᠲᠡᠭᠡᠮᠵᠢᠲᠡᠢ ᠪᠠᠶᠢᠬᠤ ᠡᠵᠡᠩᠨᠡᠯᠲᠡ ᠶᠢᠨ ᠵᠠᠷᠴᠢᠮ ᠢ ᠤᠬᠠᠮᠰᠠᠷ ᠠᠴᠠ ᠪᠠᠨ ᠵᠢᠷᠤᠮᠯᠠᠵᠤ᠂   ᠰᠢᠯᠢᠳᠡᠭ ᠰᠠᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠦᠨᠡᠨ ᠬᠦ ᠬᠠᠮᠠᠭᠠᠯᠠᠬᠤ ᠭᠡᠷᠡᠭᠳᠡᠢ᠃    ᠬᠤᠶᠠᠷ᠂ ᠡᠵᠡᠩᠨᠡᠯᠲᠡ ᠶᠢᠨ ᠭᠤᠤᠯ ᠴᠣᠭᠴᠠ ᠨᠤᠭᠤᠳ ᠨᠢ ᠡᠷᠬᠡᠪᠰᠢ ᠬᠠᠤᠯᠢ ᠶᠤᠰᠤᠨ ᠤ ᠦᠨᠡᠨᠴᠢ ᠢᠲᠡᠭᠡᠮᠵᠢᠲᠡᠢ ᠡᠵᠡᠩᠨᠡᠯᠳᠡ ᠶᠢ ᠵᠢᠷᠤᠮᠯᠠᠵᠤ  ᠂  ᠵᠠᠪᠰᠢᠶᠠᠨ ᠲᠠᠯᠢᠮᠳᠠᠭᠤᠯᠵᠤ ᠪᠠᠷᠠᠭᠠᠨ ᠤ ᠦᠨ᠎ᠡ ᠶᠢ ᠥᠰᠬᠡᠬᠦ᠂ ᠵᠠᠬ᠎ᠠ ᠳᠡᠯᠭᠡᠭᠦᠷ ᠢ ᠡᠵᠡᠷᠬᠡᠬᠦ᠂ ᠰᠢᠳᠤᠷᠭᠤ ᠪᠤᠰᠤ ᠣᠯᠵᠠ ᠠᠰᠢᠭ ᠣᠯᠬᠤ ᠶᠢ ᠴᠢᠩᠭ᠎ᠠ ᠴᠠᠭᠠᠵᠠᠯᠠᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠦᠨᠳᠦ ᠨᠣᠴᠢᠲᠠᠢ ᠰᠠᠮᠠᠭᠤᠷᠠᠭᠤᠯᠤᠭᠰᠠᠨ ᠠᠵᠢᠯᠯᠠᠭ᠎ᠠ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠳᠬᠡᠨ᠎ᠡ᠃ ᠰᠢᠨᠵᠢ ᠴᠢᠨᠠᠷ ᠨᠢ ᠮᠠᠭᠤ᠂ ᠨᠥᠯᠥᠭᠡ ᠪᠠᠷ ᠨᠡᠯᠢᠶᠡᠳ ᠶᠡᠭᠡ ᠪᠤᠯ ᠡᠵᠡᠩᠨᠡᠯᠳᠡ ᠶᠢ ᠨᠢ ᠵᠣᠭᠰᠣᠭᠠᠨ ᠴᠡᠭᠴᠡᠯᠡᠵᠦ᠂ ᠡᠵᠡᠩᠨᠡᠯᠲᠡ ᠶᠢᠨ ᠦᠨᠡᠮᠯᠡᠯ ᠢ  ᠨᠢ ᠬᠦᠴᠦᠨ ᠦᠭᠡᠢ ᠪᠣᠯᠭᠠᠬᠤ ᠶᠢᠨ ᠬᠠᠮᠲᠤ  ᠨᠡᠶᠢᠬᠡᠮ ᠨᠡᠶᠢᠳᠡ ᠳᠤ ᠢᠯᠡᠴᠢᠯᠡᠨ ᠮᠡᠳᠡᠭᠳᠡᠨ᠎ᠡ  ᠃    ᠭᠤᠷᠪᠠ᠂ ᠡᠵᠡᠩᠨᠡᠯᠲᠡ ᠶᠢᠨ ᠭᠤᠣᠯ ᠴᠣᠭᠴᠠ ᠤᠳ ᠨᠢ ᠠᠵᠢᠯ ᠲᠥᠷᠥᠯ ᠤᠨ ᠱᠠᠭᠠᠷᠳᠠᠯᠭ᠎ᠠ ᠶᠢ ᠴᠢᠩᠭᠠᠳᠬᠠᠵᠤ ᠂ ᠢᠳᠡᠭᠡᠨ ᠤ ᠠᠮᠤᠷ ᠲᠦᠪᠰᠢᠨ ᠪᠠ ᠲᠠᠸᠠᠷ ᠤᠨ ᠶᠠᠰᠤ ᠴᠢᠨᠠᠷ ᠢ ᠵᠠᠬ᠎ᠠ ᠳᠡᠯᠭᠡᠭᠦᠷ ᠤᠨ ᠪᠠᠳᠤᠯᠠᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂  ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠢᠳᠡᠭᠡᠨ ᠪᠠ ᠬᠠᠭᠤᠷᠮᠠᠭ ᠮᠠᠭᠤ ᠲᠠᠸᠠᠷ ᠬᠤᠳᠠᠯᠳᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃    ᠳᠥᠷᠪᠡ᠂ ᠡᠵᠡᠩᠨᠡᠯᠲᠡ ᠶᠢᠨ ᠭᠤᠣᠯ ᠴᠣᠭᠴᠠ ᠤᠳ ᠨᠢ ᠦᠨ᠎ᠡ ᠬᠠᠩᠰᠢ ᠶᠢ ᠢᠯᠡ ᠬᠠᠳᠠᠬᠤ ᠲᠦᠷᠢᠮ ᠲᠣᠭᠲᠠᠭᠠᠯ ᠢ ᠴᠢᠩᠭ᠎ᠠ ᠭᠡᠷᠡᠭᠵᠢᠬᠦᠯᠵᠦ᠂  ᠪᠦᠲᠦᠭᠡᠭᠳᠡᠬᠦᠨ ᠤ ᠨᠡᠷ᠎ᠡ᠂ ᠦᠢᠯᠡᠳᠪᠦᠷᠢᠯᠡᠭᠰᠡᠨ ᠭᠠᠵᠠᠷ᠂ ᠬᠡᠪ ᠪᠠᠷᠢᠮᠵᠢᠶ᠎ᠠ᠂ ᠦᠨ᠎ᠡ ᠬᠠᠩᠰᠢ᠂ ᠬᠡᠮᠵᠢᠯᠲᠡ ᠶᠢᠨ ᠨᠢᠭᠡᠴᠢ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠲᠤᠳᠤᠷᠬᠠᠶᠢᠯᠠᠨ ᠬᠠᠳᠠᠬᠤ ᠬᠡᠷᠡᠭᠲᠡᠢ᠃    ᠲᠠᠪᠤ᠂ ᠲᠤᠤᠷᠠᠬᠢ ᠮᠡᠳᠦ ᠵᠦᠢ ᠪᠤᠰᠤ ᠠᠵᠢᠯᠯᠠᠭ᠎ᠠ ᠶᠢ ᠬᠢᠵᠦ ᠪᠣᠯᠬᠤ ᠦᠬᠡᠢ᠄    1.  ᠬᠤᠯᠪᠤᠭᠠᠯᠠᠨ ᠰᠥᠯᠪᠡᠭᠡᠯᠳᠦᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠡᠷᠭᠡᠰᠢᠶᠡᠨ᠂ ᠪᠤᠰᠤᠳ ᠡᠵᠡᠩᠨᠡᠭᠴᠢᠳ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ᠃   2. ᠦᠨ᠎ᠡ ᠬᠠᠩᠰᠢ ᠥᠰᠬᠡᠬᠦ ᠮᠡᠳᠡᠭᠡ ᠵᠠᠩᠭᠢ ᠶᠢ ᠬᠤᠳᠠᠯ ᠢᠶᠠᠷ  ᠵᠤᠬᠢᠶᠠᠬᠤ ᠪᠠ ᠲᠠᠷᠬᠠᠭᠠᠵᠤ᠂  ᠪᠠᠷᠠᠭ᠎ᠠ ᠲᠠᠸᠠᠷ ᠦᠨ᠎ᠡ ᠬᠠᠩᠰᠢ ᠶᠢ ᠳᠦᠷᠭᠢᠯᠳᠦᠨ ᠥᠰᠬᠡᠵᠦ  ᠵᠠᠬ᠎ᠠ ᠳᠡᠯᠭᠡᠭᠦᠷ ᠢ ᠡᠵᠡᠷᠭᠡᠨ᠂ ᠵᠠᠬ᠎ᠠ ᠳᠡᠯᠭᠡᠭᠦᠷ ᠤᠨ ᠡᠮᠬᠢ  ᠲᠢᠭᠯᠡᠮ  ᠢ ᠰᠠᠮᠠᠭᠤᠷᠠᠭᠤᠯᠬᠤ᠃    3. ᠵᠠᠬ᠎ᠠ ᠳᠡᠯᠭᠡᠭᠦᠷ ᠤᠨ ᠬᠠᠩᠭᠠᠯᠭ᠎ᠠ ᠪᠠᠴᠢᠮ᠂ ᠦᠨ᠎ᠡ ᠬᠠᠩᠰᠢ ᠨᠢ ᠶᠡᠷᠦ ᠪᠤᠰᠤ ᠶᠢᠨ ᠬᠡᠯᠪᠡᠯᠵᠡᠯᠳᠡ ᠲᠠᠢ ᠪᠠᠶᠢᠭ᠎ᠠ ᠲᠠᠸᠠᠷ ᠤᠨ ᠣᠷᠣᠭᠤᠯᠵᠤ ᠪᠣᠷᠣᠯᠠᠭᠤᠯᠬᠤ ᠦᠨ᠎ᠡ ᠬᠠᠩᠰᠢ ᠶᠢᠨ ᠵᠦᠷᠢᠶᠡᠨ ᠤ ᠨᠤᠷᠮ᠎ᠠ ᠶᠢ ᠡᠩ ᠤᠨ ᠦᠶ᠎ᠡ ᠶᠢᠨ ᠦᠨ᠎ᠡ ᠬᠠᠩᠰᠢ ᠶᠢᠨ ᠵᠦᠷᠢᠶᠡᠨ ᠤ ᠨᠤᠷᠮ᠎ᠠ ᠠᠴᠠ ᠬᠡᠳᠦᠷᠡᠬᠦᠯᠬᠦ᠃    4. ᠨᠢᠭᠡᠨᠲᠡ ᠲᠣᠭᠲᠠᠭᠠᠭᠰᠠᠨ ᠲᠠᠸᠠᠷ ᠪᠠ  ᠦᠢᠯᠡᠴᠢᠯᠡᠭᠡᠨ ᠤ ᠵᠦᠢᠯ ᠤᠨ ᠭᠡᠷ᠎ᠡ ᠶᠢ ᠳᠤᠷ᠎ᠠ ᠪᠠᠷ ᠢᠶᠠᠨ ᠡᠪᠳᠡᠵᠦ ᠂ ᠦᠨ᠎ᠡ ᠶᠢ ᠥᠰᠬᠡᠬᠦ ᠪᠠ ᠲᠦᠷ ᠴᠠᠭ ᠦᠨ᠎ᠡ ᠶᠢ ᠨᠢ ᠦᠰᠭᠡᠬᠦ᠃    5. ᠪᠤᠰᠤᠳ ᠬᠠᠤᠯᠢ ᠴᠠᠭᠠᠵᠠ ᠲᠦᠷᠢᠮ ᠲᠣᠭᠲᠠᠭᠠᠯ ᠢᠶᠠᠷ ᠴᠠᠭᠠᠵᠠᠯᠠᠭᠰᠠᠨ ᠵᠦᠢ ᠪᠤᠰᠤ ᠦᠨ᠎ᠡ ᠬᠠᠩᠰᠢ ᠶᠢᠨ ᠠᠵᠢᠯᠯᠠᠭ᠎ᠠ᠃   ᠥᠷᠭᠡᠨ ᠣᠯᠠᠨ ᠬᠡᠷᠡᠭᠯᠡᠭᠴᠢᠳ ᠬᠡᠷᠡᠭᠯᠡᠭᠡᠨ ᠤ ᠪᠠᠨ ᠨᠠᠷᠢᠨ ᠲᠠᠩᠰᠠ ᠶᠢ ᠨᠢᠮᠪᠠᠢ ᠬᠠᠷᠭᠤᠭᠤᠯᠬᠤ ᠶᠢᠨ ᠬᠠᠮᠳᠤ ᠲᠡᠮᠳᠡᠭ ᠪᠠᠷᠢᠮᠲᠠ ᠠᠪᠬᠤ ᠬᠡᠷᠡᠭᠲᠡᠢ᠂ ᠬᠡᠷᠪᠡ ᠦᠨ᠎ᠡ ᠬᠠᠩᠰᠢ   ᠶᠢᠨ ᠵᠢᠭᠤᠷᠠᠭᠠᠨ ᠪᠤᠶᠤ ᠶᠠᠰᠤ ᠴᠢᠨᠠᠷ ᠤᠨ ᠵᠢᠭᠤᠷᠠᠭᠠᠨ ᠭᠠᠷᠪᠠᠯ᠂ 12315 ᠤᠳᠠᠰᠤ ᠪᠠᠷ ᠬᠤᠯᠪᠤᠭᠳᠠᠨ ᠮᠡᠳᠡᠬᠦᠯᠦᠬᠡᠷᠡᠢ᠃                                                    ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                   2023 ᠣᠨ ᠤ 7 ᠰᠠᠷ᠎ᠠ ᠶᠢᠨ 10 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号