ᠬᠠᠪᠤᠷ ᠤᠨ ᠤᠯᠠᠷᠢᠯ ᠤᠨ ᠮᠠᠯ ᠤᠨ ᠡᠪᠡᠳᠴᠢᠨ ᠬᠢᠵᠢᠭ ᠢ ᠰᠡᠷᠬᠡᠶᠢᠯᠡᠬᠦ ᠲᠤᠬᠠᠢ ᠰᠠᠨᠠᠭᠤᠯᠤᠮᠵᠢ
ᠨᠡᠶᠢᠲᠡᠯᠡᠭᠰᠡᠨ ᠴᠠᠭ᠄
2023/7/13
    ᠨᠢᠬᠡ᠂ ᠮᠠᠯ ᠤᠨ ᠬᠠᠯᠳᠠᠪᠤᠷᠢᠳᠤ ᠡᠪᠡᠳᠴᠢᠨ ᠢ ᠰᠡᠷᠬᠡᠶᠢᠯᠡᠬᠦ ᠠᠷᠭ᠎ᠠ ᠬᠡᠮᠵᠢᠶ᠎ᠠ      ︵ᠨᠢᠬᠡ︶ ᠬᠠᠯᠳᠠᠪᠤᠷᠢ ᠶᠢᠨ ᠰᠤᠷᠪᠤᠯᠵᠢ ᠶᠢ ᠬᠤᠷᠢᠭᠯᠠᠬᠤ ᠪᠠ ᠣᠰᠠᠳᠬᠠᠬᠤ    1᠂ ᠮᠠᠯ ᠢ ᠲᠣᠰᠠᠭᠠᠷᠯᠠᠵᠦ ᠮᠠᠯᠵᠢᠬᠤ    ᠰᠦᠷᠦᠭ ᠨᠠᠶᠢᠯᠡᠬᠦᠯᠬᠦ ᠦᠬᠡᠢ ᠪᠤᠶᠤ ᠰᠢᠯᠵᠢᠬᠦᠯᠬᠦ ᠦᠬᠡᠢ ᠪᠠᠶᠢᠵᠦ᠂ ᠬᠢᠵᠢᠭ ᠡᠪᠡᠳᠴᠢᠨ ᠬᠠᠯᠳᠠᠪᠤᠷᠢᠯᠠᠨ ᠲᠠᠷᠬᠠᠭᠠᠬᠤ ᠠᠴᠠ ᠰᠡᠷᠬᠡᠶᠢᠯᠡᠨ᠎ᠡ᠃    ᠬᠡᠬᠡᠷ᠎ᠠ ᠶᠢᠨ ᠠᠮᠢᠳᠠᠨ ᠮᠠᠯ ᠣᠨᠤᠭ᠎ᠠ ᠲᠠᠢ ᠨᠡᠶᠢᠯᠡᠵᠦ ᠡᠪᠡᠳᠴᠢᠨ ᠬᠠᠯᠳᠠᠪᠤᠷᠢᠯᠠᠬᠤ ᠠᠴᠠ ᠰᠡᠷᠬᠡᠶᠢᠯᠡᠨ᠎ᠡ᠃    2᠂ ᠮᠠᠯ ᠮᠠᠯᠵᠢᠯᠭ᠎ᠠ ᠶᠢᠨ ᠶᠠᠪᠤᠴᠠ ᠳᠤ ᠠᠮᠢᠳᠠᠨ ᠤ ᠬᠢᠵᠢᠭ ᠰᠡᠷᠬᠡᠶᠢᠯᠡᠬᠦ ᠨᠦᠬᠦᠴᠡᠯ ᠢ ᠪᠤᠷᠢᠯᠳᠤᠬᠦᠯᠦᠭᠰᠡᠨ ᠪᠠᠶᠢᠬᠤ ᠬᠡᠷᠡᠭᠳᠡᠢ᠃    ︵1︶᠂ ᠠᠷᠢᠭᠤᠳᠬᠠᠯ ᠤᠨ ᠪᠡᠯᠡᠳᠬᠡᠯ ᠲᠦᠬᠦᠬᠡᠷᠦᠮᠵᠢ ᠪᠠᠶᠢᠬᠤ ᠬᠡᠷᠡᠭᠳᠡᠢ᠃    ︵2︶᠂ ᠡᠷᠡᠬᠦᠯ ᠬᠠᠮᠠᠭᠠᠯᠠᠯ᠂ ᠬᠢᠵᠢᠭ ᠰᠡᠷᠬᠡᠶᠢᠯᠡᠬᠦ ᠬᠠᠮᠢᠶᠠᠷᠤᠯᠳᠠ ᠶᠢᠨ ᠲᠦᠷᠢᠮ ᠲᠤᠭᠳᠠᠭᠠᠯ ᠢ ᠲᠤᠭᠳᠠᠭᠠᠭᠰᠠᠨ ᠪᠠᠶᠢᠬᠤ ᠬᠡᠷᠡᠭᠳᠡᠢ᠃    ︵3︶᠂ ᠲᠤᠭᠳᠠᠭᠰᠠᠨ ᠬᠤᠭᠤᠴᠠᠭ᠎ᠠ ᠲᠠᠢ ᠬᠢᠵᠢᠭ ᠤᠨ ᠪᠠᠶᠢᠴᠠᠭᠠᠯᠳᠠ ᠬᠢᠬᠦ ᠬᠡᠷᠡᠭᠳᠡᠢ᠃    ︵4︶᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠵᠦ᠂ ᠰᠡᠷᠬᠡᠶᠢᠯᠡᠬᠦ ᠠᠷᠭ᠎ᠠ ᠬᠡᠮᠵᠢᠶ᠎ᠠ ᠠᠪᠤᠨ᠎ᠠ᠃    ︵ᠬᠤᠶᠠᠷ︶ ᠬᠠᠯᠳᠠᠪᠤᠷᠢᠯᠠᠬᠤ ᠵᠠᠮ ᠦᠭᠡᠢ ᠪᠤᠯᠭᠠᠬᠤ    1᠂ ᠤᠷᠴᠢᠨ ᠲᠤᠭᠤᠷᠢᠨ ᠤ ᠠᠷᠢᠭᠤᠨ ᠴᠡᠪᠡᠷ ᠢ ᠪᠠᠳᠤᠯᠠᠵᠦ᠂ ᠬᠤᠷᠢᠶ᠎ᠠ ᠬᠠᠰᠢᠶ᠎ᠠ ᠴᠡᠪᠡᠷ᠂ ᠮᠠᠯ ᠤᠨ ᠬᠡᠪᠳᠠᠷᠢ ᠬᠠᠭᠤᠷᠠᠢ ᠪᠠᠶᠢᠬᠤ ᠶᠢ ᠪᠠᠳᠤᠯᠠᠨ᠎ᠠ᠃    2᠂ ᠡᠪᠡᠰᠤ ᠪᠤᠷᠳᠤᠭ᠎ᠠ ᠢᠯᠵᠢᠷᠠᠵᠦ ᠸᠠᠯᠠᠬᠤ ᠠᠴᠠ ᠰᠡᠷᠬᠡᠶᠢᠯᠡᠬᠦ ᠬᠡᠷᠡᠭᠳᠡᠢ᠃    3᠂ ᠬᠠᠴᠢᠭ᠂ ᠪᠦᠬᠡᠰᠤ᠂ ᠬᠤᠯᠤᠭᠠᠨ᠎ᠠ ᠶᠢ ᠣᠰᠠᠳᠬᠠᠵᠦ᠂ ᠡᠪᠡᠳᠴᠢᠨ ᠲᠠᠷᠬᠠᠭᠠᠬᠤ ᠠᠴᠠ ᠰᠡᠷᠬᠡᠶᠢᠯᠡᠨ᠎ᠡ᠃   4᠂ ᠮᠠᠯ ᠤᠨ ᠬᠠᠰᠢᠶ᠎ᠠ ᠰᠠᠷᠠᠪᠴᠢᠨ ᠳᠤ ᠲᠤᠭᠳᠠᠭᠰᠠᠨ ᠬᠤᠭᠤᠴᠠᠭ᠎ᠠ ᠲᠠᠢ ᠠᠷᠢᠭᠤᠳᠬᠠᠯ ᠬᠢᠨ᠎ᠡ᠃ ᠡᠩ ᠤᠨ ᠪᠠᠶᠢᠳᠠᠯ ᠲᠤᠤᠷ᠎ᠠ ᠵᠢᠯ ᠪᠦᠷᠢ ᠶᠢᠨ ᠬᠠᠪᠤᠷ᠂ ᠨᠠᠮᠤᠷ ᠲᠤᠰ ᠪᠦᠷᠢ ᠨᠢᠬᠡ ᠤᠳᠠᠭ᠎ᠠ ᠠᠷᠢᠭᠤᠳᠬᠠᠯ ᠬᠢᠵᠦ᠂ ᠲᠦᠯ ᠲᠤᠰᠬᠤ ᠠᠴᠠ ᠡᠮᠣᠨ᠎ᠠ ᠬᠤᠷᠢᠶᠠᠨ ᠳᠤ ᠪᠠᠨ ᠨᠢᠬᠡ ᠤᠳᠠᠭ᠎ᠠ ᠲᠦᠢᠯᠪᠤᠷᠢᠳᠠᠢ ᠠᠷᠢᠭᠤᠳᠬᠠᠯ ᠬᠢᠪᠡᠯ ᠵᠤᠬᠢᠨ᠎ᠠ᠃    ︵ᠭᠤᠷᠪᠠ︶᠂ ᠮᠠᠯ ᠤᠨ ᠡᠪᠡᠳᠴᠢᠨ ᠢ ᠡᠰᠡᠷᠬᠦᠴᠡᠬᠦ ᠴᠢᠳᠠᠯ ᠢ ᠲᠡᠬᠡᠭᠰᠢᠯᠡᠬᠦᠯᠬᠦ   1᠂ ᠰᠢᠨᠵᠢᠯᠡᠬᠦ ᠤᠬᠠᠭᠠᠨᠴᠢ ᠪᠠᠷ ᠮᠠᠯᠵᠢᠵᠦ᠂ ᠪᠦᠷᠢᠨ ᠰᠢᠮᠡᠳᠤ᠂ ᠴᠢᠨᠠᠷ ᠰᠠᠶᠢᠳᠠᠢ ᠲᠡᠵᠢᠬᠡᠯ ᠢᠶᠠᠷ ᠲᠡᠵᠢᠬᠡᠨ᠎ᠡ᠃   2᠂ ᠰᠢᠨᠵᠢᠯᠡᠬᠦ ᠤᠬᠠᠭᠠᠨᠴᠢ ᠮᠠᠯᠵᠢᠯᠭ᠎ᠠ ᠶᠢᠨ ᠠᠷᠭ᠎ᠠ ᠬᠡᠮᠵᠢᠶ᠎ᠠ ᠶᠢ ᠠᠪᠤᠨ᠎ᠠ᠃   3᠂ ᠲᠤᠭᠳᠠᠭᠰᠠᠨ ᠬᠤᠭᠤᠴᠠᠭ᠎ᠠ ᠲᠠᠢ ᠰᠡᠷᠬᠡᠶᠢᠯᠡᠬᠦ ᠲᠠᠷᠢᠯᠭ᠎ᠠ ︵ᠸᠠᠺᠽᠢᠨ︶ ᠲᠠᠷᠢᠨ᠎ᠠ᠃   ᠬᠤᠶᠠᠷ᠂ ᠬᠦᠮᠦᠨ ᠮᠠᠯ ᠳᠤ ᠬᠠᠮᠳᠤ ᠲᠤᠰᠬᠤ ᠡᠪᠡᠳᠴᠢᠨ ᠢ ᠰᠡᠷᠬᠡᠶᠢᠯᠡᠵᠦ᠂ ᠦᠪᠡᠷ ᠤᠨ ᠪᠡᠶ᠎ᠠ ᠪᠠᠨ ᠬᠠᠮᠠᠭᠠᠯᠠᠬᠤ   ︵ᠨᠢᠬᠡ︶᠂ ᠠᠮᠠᠪᠴᠢ ᠵᠡᠬᠦᠬᠦ᠄ ᠮᠠᠯᠴᠢᠳ ᠠᠵᠢᠯ ᠤᠨ ᠶᠠᠪᠤᠴᠠ ᠪᠤᠶᠤ ᠭᠠᠳᠠᠭᠰᠢ ᠭᠠᠷᠬᠤ ᠳᠠᠭᠠᠨ ᠦᠷᠬᠦᠯᠵᠢ ᠠᠮᠠᠪᠴᠢ ᠵᠡᠬᠦᠵᠦ᠂ ᠬᠦᠮᠦᠨ ᠤ ᠬᠤᠭᠤᠷᠤᠨᠳᠤ ᠪᠤᠶᠤ ᠬᠦᠮᠦᠨ ᠮᠠᠯ ᠳᠤ ᠵᠡᠷᠭᠡ ᠲᠤᠰᠬᠤ ᠡᠪᠡᠤᠡᠴᠢᠨ ᠠᠴᠠ ᠰᠡᠷᠬᠡᠶᠢᠯᠡᠬᠦ ᠬᠡᠷᠡᠭᠳᠡᠢ᠃   ︵ᠬᠤᠶᠠᠷ︶᠂ ᠪᠡᠬᠡᠯᠠᠢ ᠵᠡᠬᠦᠬᠦ᠄ ᠲᠦᠯ ᠲᠤᠰᠬᠤ᠂ ᠮᠠᠯ ᠲᠡᠵᠢᠬᠡᠬᠦ ᠪᠤᠶᠤ ᠮᠠᠯ ᠤᠨ ᠴᠢᠰᠤ᠂ ᠱᠦᠬᠦᠷᠡᠯ ᠤᠨ ᠪᠤᠳᠠᠰ᠂ ᠢᠯᠭᠠᠳᠠᠰᠣ ᠵᠢᠴᠢ ᠬᠤᠭ ᠨᠤᠪᠰᠢ ᠲᠠᠢ ᠬᠦᠷᠦᠯᠴᠡᠭᠰᠡᠨ ᠦᠶ᠎ᠠ ᠳᠤ ᠪᠡᠬᠡᠯᠡᠢ ᠵᠡᠬᠦᠭᠰᠡᠨ ᠴᠤ ᠲᠠᠷᠦᠢ ᠲᠦᠷᠬᠡᠨ ᠭᠠᠷ ᠢᠶᠠᠨ ᠤᠬᠢᠶᠠᠵᠦ᠂ ᠠᠷᠢᠭᠤᠳᠬᠠᠯ ᠤᠨ ᠡᠮ ᠢᠶᠠᠷ ᠠᠷᠢᠭᠤᠳᠬᠠᠵᠦ ᠪᠠᠶᠢᠪᠠᠯ ᠵᠤᠬᠢᠨ᠎ᠠ᠃   ︵ᠭᠤᠷᠪᠠ︶ ᠠᠵᠢᠯ ᠤᠨ ᠬᠤᠪᠴᠠᠰᠤ ᠡᠮᠤᠰᠬᠦ᠄ ᠮᠠᠯᠴᠢᠳ ᠠᠵᠢᠯ ᠤᠨ ᠶᠠᠪᠤᠴᠠ ᠳᠤ ᠪᠠᠨ ᠪᠤᠯᠬᠤ ᠶᠢᠨ ᠲᠤᠳᠤᠷ᠎ᠠ ᠲᠣᠰᠬᠠᠢ ᠠᠵᠢᠯ ᠤᠨ ᠬᠤᠪᠴᠠᠰᠤ ᠡᠮᠤᠰᠴᠦ᠂ ᠲᠤᠭᠳᠠᠭᠰᠠᠨ ᠬᠤᠭᠤᠴᠠᠭ᠎ᠠ ᠲᠠᠢ ᠤᠬᠢᠶᠠᠵᠦ ᠠᠷᠢᠭᠤᠳᠬᠠᠵᠦ ᠪᠠᠶᠢᠪᠠᠯ ᠬᠤᠪᠢ ᠪᠡᠶ᠎ᠠ ᠶᠢᠨ ᠡᠷᠡᠬᠦᠯ ᠮᠡᠨᠳᠤ ᠪᠠᠨ ᠬᠠᠮᠠᠭᠠᠯᠠᠬᠤ ᠳᠤ ᠠᠰᠢᠭ ᠲᠠᠢ ᠶᠤᠮ᠃   ᠭᠤᠷᠪᠠ᠂ ᠬᠠᠪᠤᠷ ᠤᠨ ᠲᠦᠯ ᠲᠤᠰᠬᠤ ᠳᠤ ᠠᠩᠬᠠᠷᠬᠤ ᠵᠦᠢᠯ   ︵ᠨᠢᠬᠡ︶ ᠲᠦᠯ ᠲᠤᠰᠬᠤ ᠠᠴᠠ ᠡᠮᠤᠨᠡᠬᠢ ᠪᠡᠯᠡᠳᠬᠡᠯ ᠠᠵᠢᠯ   1᠂ ᠡᠬᠡ ᠮᠠᠯ ᠤᠨ ᠠᠷᠠᠴᠢᠯᠠᠭ᠎ᠠ ᠲᠡᠵᠢᠬᠡᠯᠬᠡ ᠶᠢ ᠰᠠᠶᠢᠵᠢᠷᠠᠭᠤᠯᠬᠤ   ᠬᠡᠭᠡᠯ ᠤᠨ ᠰᠡᠬᠦᠯᠴᠢ ᠶᠢᠨ ᠬᠤᠶᠠᠷ ᠰᠠᠷ᠎ᠠ ᠪᠤᠯ ᠬᠦᠪᠤᠷᠠᠯ ᠤᠨ ᠪᠦᠢᠵᠢᠯᠳᠡ ᠶᠢᠨ ᠴᠢᠬᠤᠯᠠ ᠱᠠᠳᠦ ᠦᠶ᠎ᠠ ᠪᠤᠯᠤᠨ᠎ᠠ ᠂ ᠲᠠᠷᠣᠢ ᠲᠦᠯ ᠤᠨ ᠪᠡᠶ᠎ᠠ ᠶᠢᠨ ᠬᠦᠨᠳᠦ ᠶᠢᠨ 90% ᠨᠢ ᠲᠤᠰ ᠬᠤᠭᠤᠴᠠᠭᠠᠨ ᠳᠤ ᠪᠤᠶᠢᠵᠢᠬᠤ ᠪᠤᠯᠬᠤᠷ ᠲᠦᠯ ᠤᠨ ᠪᠤᠶᠢᠵᠢᠯᠳᠠ᠂ ᠡᠪᠡᠳᠴᠢᠨ ᠢ ᠡᠰᠡᠷᠬᠦᠴᠡᠬᠦ ᠴᠢᠳᠠᠯ ᠢ ᠪᠠᠳᠤᠯᠠᠬᠤ ᠪᠠ ᠡᠬᠡ ᠮᠠᠯ ᠤᠨ ᠰᠦᠨ ᠤ ᠬᠡᠮᠵᠢᠶ᠎ᠠ᠂ ᠴᠢᠨᠠᠷ ᠢ ᠪᠠᠳᠤᠯᠠᠬᠤ ᠶᠢᠨ ᠲᠦᠯᠦᠬᠡ ᠡᠬᠡ ᠮᠠᠯ ᠳᠤ ᠤᠭᠤᠷᠠᠭ᠂ ᠺᠠᠯᠼ᠂ ᠹᠣᠰᠹᠣᠷ ᠡᠯᠪᠡᠭ ᠨᠡᠮᠡᠯᠳᠡ ᠪᠤᠷᠳᠤᠭ᠎ᠠ ᠦᠭᠪᠡᠯ ᠵᠤᠬᠢᠨ᠎ᠠ᠃   2᠂ ᠬᠠᠰᠢᠶ᠎ᠠ ᠬᠤᠷᠢᠶ᠎ᠠ ᠶᠢᠨ ᠪᠡᠯᠡᠳᠬᠡᠯ   ︵1︶᠂ ᠬᠤᠷᠢᠶ᠎ᠠ ᠬᠠᠰᠢᠶ᠎ᠠ ᠶᠢᠨ ᠲᠤᠯᠠᠭᠠᠨ ᠤ ᠬᠡᠮᠵᠢᠶ᠎ᠠ ᠶᠢ 0 — 5 ᠭᠷᠠᠳᠦ᠋ᠰ ᠪᠠᠶᠢᠯᠭᠠᠬᠤ ᠬᠡᠷᠡᠭᠳᠡᠢ᠃   ︵ 2︶᠂ ᠬᠡᠪᠳᠡᠯᠬᠡ ᠶᠢ ᠨᠢ ᠬᠠᠭᠤᠷᠠᠢ ᠪᠠᠶᠢᠯᠭᠠᠬᠤ ᠬᠡᠷᠡᠭᠳᠡᠢ᠃   ︵3︶᠂ ᠰᠡᠯᠬᠢ ᠨᠡᠪᠳᠡᠷᠡᠵᠦ᠂ ᠨᠠᠷᠠ ᠲᠣᠰᠬᠤ ᠶᠢ ᠪᠠᠳᠤᠯᠠᠬᠤ ᠬᠡᠷᠡᠭᠳᠡᠢ᠃   ︵ᠬᠤᠶᠠᠷ︶᠂ ᠲᠦᠯ ᠲᠣᠰᠬᠤ   1᠂ ᠬᠦᠢᠰᠦ ᠶᠢ ᠲᠠᠰᠤᠯᠬᠤ ᠳᠠᠭᠠᠨ 8 — 10cm ᠦᠯᠡᠳᠡᠬᠡᠵᠦ᠂ ᠰᠢᠪᠳᠤᠷᠤᠨ ᠲᠠᠰᠤᠯᠵᠦ᠂ ᠢᠣᠳ᠋ ᠤᠨ ᠬᠠᠨᠳᠠ ᠪᠠᠷ ᠠᠷᠢᠭᠤᠳᠬᠠᠨ᠎ᠠ᠃   2᠂ ᠡᠬᠡ ᠮᠠᠯ ᠤᠨ ᠭᠦᠬᠦ ᠶᠢ ᠠᠷᠢᠭᠤᠳᠬᠠᠵᠦ᠂ ᠲᠠᠷᠦᠢ ᠲᠦᠷᠬᠡᠨ ᠤᠭᠤᠷᠠᠭ ᠰᠦ ᠶᠢ ᠨᠢ ᠬᠦᠬᠦᠬᠦᠯᠦᠨ᠎ᠡ᠃   3᠂ ᠨᠢᠯᠬ᠎ᠠ ᠲᠦᠯ ᠤᠨ ᠴᠢᠴᠠᠭ᠎ᠠ ᠠᠯᠳᠠᠬᠤ ᠠᠴᠠ ᠰᠡᠷᠬᠡᠶᠢᠯᠡᠬᠦ ᠶᠢᠨ ᠲᠤᠰᠠᠳᠠ᠂ ᠪᠠᠺᠲ᠋ᠧᠷᠢ ᠡᠰᠡᠷᠬᠦᠴᠡᠬᠦ ᠡᠮ ᠢ ᠡᠳᠦᠷ ᠤᠨ ᠨᠢᠬᠡ ᠣᠳᠠᠭ᠎ᠠ ᠪᠠᠷ 1 — 3 ᠡᠳᠤᠷ ᠲᠠᠷᠠᠭᠠᠯᠠᠨ ᠤᠤᠭᠤᠯᠭᠠᠨ᠎ᠠ᠃  
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号