ᠲᠦᠯ ᠲᠤᠰᠬᠤ ᠵᠢᠴᠢ ᠠᠮᠢᠳᠠᠨ ᠤ ᠬᠢᠵᠢᠭ ᠢ ᠰᠡᠷᠬᠡᠶᠢᠯᠡᠬᠦ ᠮᠡᠳᠡᠯᠭᠡ
ᠨᠡᠶᠢᠲᠡᠯᠡᠭᠰᠡᠨ ᠴᠠᠭ᠄
2023/7/13
    ᠨᠢᠭᠡ᠂ ᠲᠡᠵᠢᠭᠡᠵᠦ ᠪᠠᠶᠢᠬᠤ ᠡᠪᠡᠰᠦ ᠪᠤᠷᠳᠤᠭ᠎ᠠ ᠨᠢ ᠡᠷᠭᠡᠪᠰᠢ ᠰᠢᠮ᠎ᠠ ᠲᠡᠵᠢᠭᠡᠯ ᠤᠨ ᠱᠠᠭᠠᠷᠳᠠᠯᠭ᠎ᠠ ᠶᠢ ᠬᠠᠨᠭ᠍ᠭᠠᠬᠤ ᠭᠡᠷᠡᠭᠳᠠᠢ᠃ ᠲᠦᠯᠯᠡᠭᠦ ᠮᠠᠯ ᠳᠤ ᠤᠭᠤᠷᠠᠭ᠂ ᠡᠷᠦᠳᠡᠰᠦ᠂ ᠸᠢᠲ᠋ᠠᠮᠢᠨ ᠡᠯᠪᠡᠭ ᠠᠭᠤᠯᠤᠭᠳᠠᠬᠤ ᠨᠠᠷᠢᠯᠢᠭ ᠪᠤᠷᠳᠤᠭ᠎ᠠ ᠬᠢᠭᠡᠳ ᠰᠢᠭᠦᠰᠦᠯᠢᠭ ᠪᠤᠷᠳᠤᠭ᠎ᠠ ᠶᠢ ᠨᠡᠮᠡᠨ ᠲᠡᠵᠢᠭᠡᠵᠦ᠂ ᠲᠦᠯ ᠲᠤᠰᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠭᠡᠷᠡᠭᠳᠠᠢ᠃      ᠬᠤᠶᠠᠷ᠂ ᠬᠠᠮᠢᠶᠠᠷᠤᠯᠳᠠ ᠪᠠᠨ ᠨᠠᠷᠢᠯᠢᠭᠵᠢᠭᠤᠯᠬᠤ ᠭᠡᠷᠡᠭᠳᠠᠢ᠃ ᠨᠢᠭᠡ ᠳᠤ᠂ ᠬᠠᠰᠢᠶ᠎ᠠ ᠰᠠᠷᠠᠪᠴᠢ ᠪᠠᠨ ᠤᠰᠤ ᠭᠤᠭᠤᠵᠢᠬᠤ ᠦᠭᠡᠢ᠂ ᠬᠠᠭᠤᠷᠠᠢ ᠪᠠᠶᠢᠯᠭᠠᠬᠤ︔ ᠦᠷᠭᠦᠯᠵᠢ ᠱᠦᠭᠦᠷᠳᠡᠨ ᠴᠡᠪᠡᠷᠯᠡᠵᠦ᠂ ᠪᠠᠭᠠᠰᠤ ᠰᠢᠭᠡᠰᠦ ᠶᠢ ᠨᠢ ᠦᠷᠭᠦᠯᠵᠢ ᠠᠷᠢᠯᠭᠠᠬᠤ︔ ᠬᠠᠰᠢᠶ᠎ᠠ ᠰᠠᠷᠠᠪᠴᠢ ᠶᠢᠨ ᠠᠷᠢᠭᠤᠨ ᠴᠡᠪᠡᠷ ᠬᠠᠭᠤᠷᠠᠢ ᠲᠤᠯᠠᠭᠠᠨ ᠪᠠᠶᠢᠬᠤ ᠶᠢ ᠪᠠᠳᠤᠯᠠᠨ᠎ᠠ᠃ ᠡᠭᠦᠨ ᠤ ᠬᠠᠮᠳᠤ ᠠᠮᠢᠳᠠᠨ ᠲᠠᠢ ᠤᠶᠢᠷᠠᠳᠬᠤ ᠪᠤᠶᠤ ᠠᠮᠢᠳᠠᠨ ᠤ ᠪᠠᠭᠠᠰᠦ ᠰᠢᠭᠡᠰᠦ ᠶᠢ ᠰᠢᠢᠳᠪᠦᠷᠢᠯᠡᠵᠦ ᠪᠠᠷᠠᠭᠰᠠᠨ ᠤ ᠲᠠᠷᠠᠭ᠎ᠠ ᠰᠠᠪᠤᠡᠭ ᠪᠤᠶᠤ ᠭᠠᠷ ᠤᠬᠢᠶᠠᠬᠤ ᠰᠢᠩᠭᠡᠨ ᠢᠶᠠᠷ ᠭᠠᠷ ᠢᠶᠠᠨ ᠤᠬᠢᠶᠠᠬᠤ ᠭᠡᠷᠡᠭᠳᠠᠢ᠃     ᠭᠤᠷᠪᠠ᠂ ᠡᠪᠡᠳᠴᠢᠯᠡᠭᠦ ᠪᠤᠶᠤ ᠭᠡᠭᠡᠯ ᠬᠠᠶᠠᠬᠤ ᠠᠴᠠ ᠰᠡᠷᠭᠡᠶᠢᠯᠡᠨ ᠬᠠᠮᠠᠭᠠᠯᠠᠬᠤ ᠭᠡᠷᠡᠭᠳᠠᠢ᠃ ᠢᠯᠵᠢᠷᠠᠵᠦ ᠴᠢᠨᠠᠷ ᠨᠢ ᠬᠤᠪᠢᠷᠠᠭᠰᠠᠨ᠂ ᠭᠦᠴᠢᠯᠯᠢᠭ ᠤᠨ ᠬᠡᠮᠵᠢᠶ᠎ᠡ ᠨᠢ ᠶᠡᠭᠡ᠂ ᠭᠦᠯᠳᠡᠭᠦᠦ ᠡᠪᠡᠰᠦ ᠪᠤᠷᠳᠤᠭ᠎ᠠ ᠪᠠᠷ ᠮᠠᠯ ᠢᠶᠠᠨ ᠲᠡᠵᠢᠭᠡᠵᠦ ᠪᠤᠯᠬᠤ ᠦᠭᠡᠢ᠂ ᠮᠦᠰᠦ ᠲᠠᠢ ᠤᠰᠤ ᠪᠠ ᠪᠤᠬᠢᠷ ᠤᠰᠤ ᠪᠠᠷ ᠮᠠᠯ ᠢᠶᠠᠨ ᠤᠰᠤᠯᠠᠵᠦ ᠪᠤᠯᠬᠤ ᠦᠭᠡᠢ᠂ ᠦᠯᠦᠨ ᠢᠶᠠᠷ ᠤᠰᠤᠯᠠᠵᠦ ᠪᠤᠯᠬᠤ ᠦᠭᠡᠢ᠃ ᠬᠠᠰᠢᠶ᠎ᠠ ᠰᠠᠷᠠᠪᠴᠢ ᠪᠠᠨ ᠲᠤᠭᠳᠠᠭᠰᠠᠨ ᠬᠤᠭᠤᠴᠠᠭ᠎ᠠ ᠲᠠᠢ ᠠᠷᠢᠭᠤᠳᠬᠠᠬᠤ ᠭᠡᠷᠡᠭᠳᠠᠢ᠃ ᠮᠠᠯ ᠤᠨ ᠭᠠᠳᠠᠷ ᠪᠠᠶᠢᠳᠠᠯ᠂ ᠢᠳᠡᠰᠢᠯᠡᠭᠦ ᠪᠠᠶᠢᠳᠠᠯ᠂ ᠦᠢᠯᠡ ᠭᠦᠳᠡᠯᠦᠯ᠂ ᠢᠯᠭᠠᠳᠠᠰᠤ ᠶᠢᠨ ᠪᠠᠶᠢᠳᠠᠯ ᠵᠡᠷᠭᠡ ᠶᠢ ᠠᠩᠬᠠᠷᠤᠨ ᠠᠵᠢᠭᠯᠠᠵᠦ᠂ ᠤᠨᠴᠠᠭᠠᠢ ᠪᠠᠶᠢᠳᠠᠯ ᠢ ᠤᠯᠵᠦ ᠮᠡᠳᠡᠪᠡᠯ ᠴᠠᠭ ᠲᠤᠬᠠᠢ ᠳᠤᠨᠢ ᠡᠮᠴᠢᠯᠡᠭᠦ ᠭᠡᠷᠡᠭᠳᠠᠢ᠃ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠭᠦ ᠠᠷᠭ᠎ᠠ ᠭᠡᠮᠵᠢᠶ᠎ᠡ ᠶᠢ ᠰᠠᠶᠢᠳᠤᠷ ᠲᠤᠭᠤᠰᠢᠯᠠᠭᠤᠯᠵᠦ᠂ ᠭᠠᠳᠠᠨ᠎ᠠ ᠠᠴᠠ ᠬᠢᠵᠢᠭ ᠡᠪᠡᠳᠴᠢᠨ ᠬᠠᠯᠳᠠᠪᠤᠷᠢᠯᠠᠬᠤ ᠶᠢ ᠰᠡᠷᠭᠡᠶᠢᠯᠡᠵᠦ᠂ ᠬᠠᠤᠯᠢ ᠪᠤᠰᠤ ᠬᠤᠳᠠᠯᠳᠤᠭᠠᠴᠢᠨ᠂ ᠲᠡᠷᠭᠡ ᠤᠨᠤᠭ᠎ᠠ ᠤᠷᠤᠵᠦ ᠢᠷᠡᠭᠦ ᠶᠢ ᠬᠤᠷᠢᠭᠯᠠᠬᠤ ᠶᠢᠨ ᠬᠠᠮᠳᠤ ᠪᠠᠶᠢᠳᠠᠯ ᠢ ᠨᠢ ᠦᠯᠦ ᠮᠡᠳᠡᠭᠦ ᠮᠠᠯ ᠢ ᠲᠤᠷ᠎ᠠ ᠪᠠᠷ ᠢᠶᠠᠨ ᠤᠷᠤᠭᠤᠯᠵᠦ ᠪᠤᠯᠬᠤ ᠦᠭᠡᠢ᠃ ᠲᠠᠷᠢᠯᠭ᠎ᠠ ᠪᠠ ᠬᠤᠷᠤᠬᠠᠢ ᠭᠦᠭᠡᠭᠡᠭᠦ ᠠᠵᠢᠯ ᠢ ᠰᠠᠶᠢᠳᠤᠷ ᠬᠢᠭᠦ ᠭᠡᠷᠡᠭᠳᠠᠢ᠃     ᠲᠦᠷᠪᠡ᠂ ᠤᠷᠴᠢᠨ ᠲᠤᠭᠤᠷᠢᠨ ᠤ ᠠᠷᠢᠭᠤᠨ ᠴᠡᠪᠡᠷ ᠢ ᠴᠢᠩᠭᠠᠳᠬᠠᠬᠤ ᠭᠡᠷᠡᠭᠳᠠᠢ᠃ ᠲᠦᠯ ᠲᠤᠰᠬᠤ ᠠᠴᠠ ᠡᠮᠦᠨ᠎ᠡ ᠠᠵᠢᠯ ᠤᠨ ᠬᠤᠪᠴᠠᠰᠤ᠂ ᠠᠮᠠᠪᠴᠢ᠂ ᠪᠡᠭᠡᠯᠠᠢ ᠪᠠ ᠮᠠᠯᠠᠭᠠᠢ ᠵᠡᠷᠭᠡ ᠶᠢ ᠡᠮᠦᠰᠴᠦ ᠵᠡᠭᠦᠭᠦ ᠶᠢᠨ ᠬᠠᠮᠳᠤ ᠬᠠᠰᠢᠶ᠎ᠠ ᠰᠠᠷᠠᠪᠴᠢ ᠪᠠᠨ ᠲᠦᠢᠯᠪᠤᠷᠢᠳᠠᠢ ᠴᠡᠪᠡᠷᠯᠡᠨ ᠱᠦᠭᠦᠷᠳᠡᠭᠦ ᠪᠠ ᠠᠷᠢᠭᠤᠳᠬᠠᠵᠦ᠂ ᠲᠦᠯᠯᠡᠭᠰᠡᠨ ᠤ ᠲᠠᠷᠠᠭ᠎ᠠ ᠲᠤᠭᠳᠠᠭᠰᠠᠨ ᠴᠠᠭ ᠲᠤ ᠪᠤᠬᠢᠷ ᠪᠤᠳᠠᠰ ᠢ ᠴᠡᠪᠡᠷᠯᠡᠨ ᠬᠠᠶᠠᠵᠦ᠂ ᠠᠭᠠᠷ ᠨᠡᠪᠳᠡᠷᠡᠭᠦᠯᠭᠦ ᠶᠢᠨ ᠵᠡᠷᠭᠡ ᠪᠠᠷ ᠭᠡᠷᠡᠭᠯᠡᠭᠡᠨ ᠤ ᠪᠠᠭᠠᠵᠢ ᠪᠠᠨ ᠰᠠᠶᠢᠳᠤᠷ ᠠᠷᠢᠭᠤᠳᠬᠠᠬᠤ ᠭᠡᠷᠡᠭᠳᠠᠢ᠃ ᠭᠦᠮᠦᠨ ᠠᠮᠢᠳᠠᠨ ᠳᠤ ᠬᠠᠮᠳᠤ ᠬᠠᠯᠳᠠᠪᠤᠷᠢᠯᠠᠳᠠᠭ ᠹᠷᠦᠽᠧᠯ ᠡᠪᠡᠳᠴᠢᠨ ᠡᠭᠦᠰᠭᠦ ᠠᠴᠠ ᠰᠡᠷᠭᠡᠶᠢᠯᠡᠭᠦ ᠭᠡᠷᠡᠭᠳᠠᠢ᠃     ᠲᠠᠪᠤ᠂ ᠲᠡᠵᠢᠭᠡᠵᠦ ᠠᠷᠠᠴᠢᠯᠠᠬᠤ ᠬᠠᠮᠢᠶᠠᠷᠤᠯᠳᠠ ᠶᠢ ᠴᠢᠩᠭᠠᠳᠬᠠᠬᠤ ᠭᠡᠷᠡᠭᠳᠠᠢ᠃ ᠰᠠᠶ᠋ᠢ ᠲᠦᠯᠯᠡᠭᠰᠡᠨ ᠬᠤᠷᠠᠭ᠎ᠠ ᠢᠰᠢᠭᠡ ᠶᠢ ᠴᠠᠭ ᠲᠤᠬᠠᠢ ᠳᠤᠨᠢ ᠠᠮᠠ ᠬᠠᠮᠠᠷ ᠤᠨ ᠰᠠᠯᠠᠢ ᠶᠢ ᠨᠢ ᠠᠷᠢᠯᠭᠠᠵᠦ᠂ ᠭᠦᠢᠰᠦ ᠶᠢ ᠨᠢ ᠢᠤᠳ᠋ ᠤᠨ ᠬᠠᠨᠳᠠ ᠪᠠᠷ ᠨᠤᠷᠭᠠᠵᠦ ᠠᠷᠢᠭᠤᠳᠬᠠᠨ ᠤᠭᠤᠷᠠᠭ ᠰᠦ ᠭᠦᠭᠦᠭᠦᠯᠦᠨ᠎ᠡ᠃ ᠡᠭᠡ ᠮᠠᠯ ᠤᠨ ᠰᠦ ᠶᠢᠨ ᠭᠡᠮᠵᠢᠶ᠎ᠡ ᠶᠢ ᠠᠩᠬᠠᠷᠴᠦ᠂ ᠴᠠᠳᠬᠤᠯᠳᠠ ᠶᠢᠨ ᠪᠠᠶᠢᠳᠠᠯ ᠢ ᠠᠩᠬᠠᠷᠤᠨ᠎ᠠ᠃ ᠴᠠᠭ ᠲᠤᠬᠠᠢ ᠳᠤᠨᠢ ᠬᠤᠷᠠᠭ᠎ᠠ ᠢᠰᠢᠭᠡ ᠶᠢᠨ ᠢᠳᠡᠰᠢᠨ ᠤ ᠪᠠᠶᠢᠳᠠᠯ᠂ ᠢᠯᠭᠠᠳᠠᠰᠤ ᠵᠡᠷᠭᠡ ᠪᠠᠶᠢᠳᠠᠯ ᠢ ᠠᠵᠢᠭᠯᠠᠬᠤ ᠭᠡᠷᠡᠭᠳᠠᠢ᠃ ᠡᠪᠡᠳᠴᠢᠯᠡᠭᠰᠡᠨ ᠪᠠᠶᠢᠳᠠᠯ ᠢ ᠤᠯᠵᠦ ᠮᠡᠳᠡᠪᠡᠯ ᠴᠠᠭ ᠲᠤᠬᠠᠢ ᠳᠤᠨᠢ ᠲᠤᠰᠠᠭᠠᠷᠯᠠᠵᠦ ᠡᠮᠨᠡᠨ ᠵᠠᠰᠠᠬᠤ ᠭᠡᠷᠡᠭᠳᠠᠢ᠃    ᠵᠢᠷᠭᠤᠭ᠎ᠠ᠂ ᠬᠢᠵᠢᠭ ᠪᠠᠶᠢᠴᠠᠭᠠᠬᠤ ᠬᠢᠨᠠᠨ ᠬᠠᠮᠢᠶᠠᠷᠤᠯᠳᠠ ᠶᠢ ᠴᠢᠩᠭᠠᠳᠬᠠᠬᠤ ᠭᠡᠷᠡᠭᠳᠠᠢ᠃ ᠦᠭᠦᠭᠰᠡᠨ ᠰᠢᠯᠳᠠᠭᠠᠨ ᠨᠢ ᠲᠤᠳᠤᠷᠬᠠᠢ ᠦᠭᠡᠢ ᠠᠮᠢᠳᠠᠨ ᠢ ᠬᠤᠳᠠᠯᠳᠤᠭᠠᠯᠠᠬᠤ ᠦᠭᠡᠢ᠂ ᠠᠷᠠᠰᠦ ᠶᠢ ᠨᠢ ᠦᠪᠴᠢᠭᠦ ᠦᠭᠡᠢ᠂ ᠢᠳᠡᠭᠦ ᠦᠭᠡᠢ ᠪᠠᠶᠢᠬᠤ ᠭᠡᠷᠡᠭᠳᠠᠢ᠃ ᠦᠭᠦᠭᠰᠡᠨ ᠰᠢᠯᠳᠠᠭᠠᠨ ᠨᠢ ᠲᠤᠳᠤᠷᠬᠠᠢ ᠦᠭᠡᠢ ᠠᠮᠢᠳᠠᠨ ᠤ ᠦᠭᠦᠳᠡᠯ ᠪᠠ ᠭᠡᠭᠡᠯ ᠬᠠᠶᠠᠭᠰᠠᠨ ᠪᠠᠶᠢᠳᠠᠯ ᠢ ᠤᠯᠵᠦ ᠮᠡᠳᠡᠪᠡᠯ ᠴᠠᠭ ᠲᠤᠬᠠᠢ ᠳᠤᠨᠢ ᠰᠤᠮᠤ ᠪᠠᠯᠭᠠᠰᠤ ᠲᠠᠯᠠᠪᠠᠢ ᠶᠢᠨ ᠮᠠᠯ ᠡᠮᠨᠡᠯᠭᠡ ᠶᠢᠨ ᠰᠠᠯᠠᠭ᠎ᠠ ᠮᠦᠴᠢᠷ ᠲᠤ ᠮᠡᠳᠡᠭᠦᠯᠭᠦ ᠭᠡᠷᠡᠭᠳᠠᠢ᠃  
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号