ᠲᠠᠶᠢᠹᠤᠰᠧ ᠨᠤᠳᠤᠭ ᠲᠠᠬᠢ  ᠭᠡᠭᠡᠷ᠎ᠡ ᠶᠢᠨ ᠠᠮᠢᠳᠠᠨ
ᠨᠡᠶᠢᠲᠡᠯᠡᠭᠰᠡᠨ ᠴᠠᠭ᠄
2023/7/13
   ᠲᠠᠤᠯᠠᠢ — ᠤᠳᠤᠬᠠᠨ ᠲᠠᠶᠢᠹᠤᠰᠧ ᠳᠤ  ᠬᠠᠮᠤᠭ ᠤᠯᠠᠨ ᠪᠠᠶᠢᠭ᠎ᠠ ᠭᠡᠭᠡᠷ᠎ᠡ ᠶᠢᠨ ᠠᠮᠢᠳᠠᠨ ᠪᠤᠯ ᠲᠠᠤᠯᠠᠢ ᠪᠤᠯᠤᠨ᠎ᠠ᠃ ᠲᠡᠷᠡᠰᠦᠨ ᠪᠤᠳᠠ᠂ ᠤᠢ ᠮᠤᠳᠤ᠂  ᠭᠤᠤ ᠭᠠᠩᠭ᠎ᠠ᠂ ᠲᠠᠯ᠎ᠠ ᠭᠤᠪᠢ ᠳᠤ ᠡᠪᠡᠰᠦ ᠨᠤᠭᠤᠭ᠎ᠠ ᠪᠠᠷ  ᠢᠳᠡᠰᠢᠯᠡᠵᠦ ᠠᠮᠢᠳᠤᠷᠠᠨ᠎ᠠ᠃ ᠴᠠᠶᠢᠪᠤᠷ ᠪᠤᠷᠤ ᠪᠤᠶᠤ ᠰᠢᠷᠭᠠᠯ ᠪᠤᠷᠤ ᠦᠩᠬᠡ ᠲᠠᠢ᠂ ᠤᠷᠳᠤ ᠬᠤᠶᠠᠷ ᠴᠢᠬᠢ ᠲᠠᠢ᠂ ᠵᠦᠬᠡᠯᠡᠨ ᠰᠤᠷ ᠦᠰᠦ ᠲᠠᠢ᠂  ᠬᠤᠶᠢᠳᠤ  ᠮᠦᠴᠢ ᠨᠢ  ᠡᠮᠦᠨ᠎ᠡ ᠮᠦᠴᠢ ᠠᠴᠠ ᠪᠠᠨ ᠤᠷᠳᠤ᠂ ᠲᠡᠭᠳᠡᠨ ᠬᠠᠷᠠᠶᠢᠵᠤ ᠲᠤᠩᠭᠤᠰ ᠲᠤᠩᠭᠤᠰ ᠬᠦᠶᠦᠳᠡᠭ᠃ ᠡᠪᠦᠯ ᠤᠨ ᠬᠦᠢᠳᠡᠨ ᠳᠤ ᠪᠤᠯ ᠲᠤᠭᠳᠠᠭᠰᠠᠨ ᠵᠠᠮ ᠮᠦᠷ ᠢᠶᠠᠷ ᠬᠦᠶᠦᠨ᠎ᠡ᠃ ᠲᠠᠤᠯᠠᠢ ᠶᠢᠨ ᠦᠰᠦ ᠨᠢ ᠨᠡᠬᠡᠮᠡᠯ ᠤᠨ ᠲᠦᠬᠦᠭᠡᠢ ᠮᠠᠲ᠋ᠧᠷᠢᠶᠠᠯ ᠪᠤᠯᠬᠤ ᠪᠦᠬᠡᠳ ᠠᠷᠠᠰᠤ ᠪᠠᠷ ᠨᠢ ᠮᠠᠯᠠᠭᠠᠢ ᠬᠤᠪᠴᠠᠰᠤ ᠬᠢᠵᠦ ᠪᠤᠯᠤᠨ᠎ᠠ᠃  ᠲᠠᠤᠯᠠᠢ ᠶᠢᠨ ᠮᠢᠬ᠎ᠠ ᠨᠢ ᠰᠤᠷᠭᠤᠭ ᠠᠮᠳᠠᠳᠠᠢ ᠮᠦᠷᠳᠡᠭᠡᠨ ᠲᠤᠳᠤᠷ ᠡᠷᠭᠡᠳᠡᠨ ᠨᠢ ᠡᠪᠡᠳᠴᠢᠨ ᠵᠠᠰᠠᠬᠤ ᠦᠢᠯᠡᠳᠦᠯ ᠲᠠᠢ᠃
 
ᠢᠷᠡᠯᠲᠡ᠄ ︽ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠡᠯᠬᠡ ᠲᠡᠮᠳᠡᠭ︾ ᠴᠤᠪᠤᠷᠠᠯ ᠪᠢᠴᠢᠭ — ᠲᠠᠶᠢᠹᠤᠰᠧ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号