ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ —                            ᠣᠨᠴᠠᠯᠢᠭᠲᠤ ᠢᠳᠡᠰᠢᠨ ᠨᠣᠭᠤᠭᠠᠨ ᠤ ᠠᠵᠤ ᠦᠢᠯᠡᠰ ᠢ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠤᠭ᠎ᠠ ᠲᠥᠰᠥᠪ ᠢ ᠵᠢᠷᠤᠭᠯ᠊
ᠨᠡᠶᠢᠲᠡᠯᠡᠭᠰᠡᠨ ᠴᠠᠭ᠄
2023/7/26
   ᠣᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤᠨ ᠤ ᠴᠢᠶᠠᠨ ᠶᠢᠨ ᠭᠧᠦ ᠪᠠᠯᠭᠠᠰᠤᠨ ᠤ ᠬᠢᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠨᠴᠠᠯᠢᠭᠲᠤ ᠢᠳᠡᠰᠢᠨ ᠨᠤᠭᠤᠭᠠᠨ ᠤ ᠠᠵᠤ ᠦᠢᠯᠡᠰ ᠢ ᠬᠦᠴᠦᠯᠡᠨ ᠬᠦᠭᠵᠢᠬᠦᠯᠬᠦ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠣᠨᠴᠠᠯᠢᠭᠲᠤ ᠢᠳᠡᠰᠢᠨ ᠨᠣᠭᠤᠭ᠎ᠠ ᠲᠠᠷᠢᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠭᠠᠷᠳᠠᠴᠠ ᠪᠤᠯᠭᠠᠨ᠂ ᠢᠳᠡᠰᠢᠨ ᠨᠤᠭᠤᠭ᠎ᠠ ᠪᠠᠷ ᠠᠵᠤ ᠦᠢᠯᠡᠰ ᠢ ᠡᠬᠦᠳᠴᠦ᠂ ᠠᠵᠤ ᠦᠢᠯᠡᠰ ᠢᠶᠠᠷ ᠬᠥᠭᠵᠢᠯᠲᠡ ᠶᠢ ᠠᠬᠢᠭᠤᠯᠤᠨ᠂ ᠬᠡᠪᠴᠢᠶᠡᠵᠢᠭᠰᠡᠨ ᠢᠳᠡᠰᠢᠨ ᠨᠣᠭᠤᠭ᠎ᠠ ᠲᠠᠷᠢᠬᠤ ᠰᠠᠭᠤᠷᠢᠨ ᠭᠠᠵᠠᠷ ᠢ ᠪᠠᠶᠢᠭᠤᠯᠵᠤ᠂ ᠪᠦᠬᠦ ᠪᠠᠯᠭᠠᠰᠤᠨ ᠤ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠶᠡᠭᠡ   ᠪᠠᠷ  ᠲᠡᠭᠡᠭᠰᠢᠯᠡᠬᠦᠯᠵᠡᠢ᠃ ᠴᠢᠶᠠᠨ ᠶᠢᠨ ᠭᠧᠦ ᠪᠠᠯᠭᠠᠰᠤᠨ ᠤ ᠭᠧᠦ ᠮᠧᠨ ᠲᠣᠰᠬᠤᠨ ᠤ ᠢᠳᠡᠰᠢᠨ ᠨᠤᠭᠤᠭᠠᠨ ᠤ ᠠᠷᠠᠯᠵᠢᠶᠠᠨ ᠤ ᠵᠠᠬ᠎ᠠ   ᠳᠤ ᠬᠦᠷᠬᠦ ᠳᠤ ᠶᠠᠭ ᠰᠠᠶᠢᠬᠠᠨ ᠡᠯ᠎ᠡ ᠭᠠᠵᠠᠷ ᠤᠨ ᠢᠳᠡᠰᠢᠨ ᠨᠤᠭᠤᠭᠠᠨ ᠤ ᠠᠷᠠᠯᠵᠢᠶᠠᠴᠢᠳ ᠨᠤᠭᠤᠭ᠎ᠠ ᠪᠠᠨ  ᠲᠡᠭᠡᠭᠡᠪᠦᠷᠢᠯᠡᠬᠦ ᠪᠠᠷ ᠬᠦᠷᠴᠦ ᠢᠷᠡᠴᠢᠬᠡᠬᠡᠳ ᠶᠡᠭᠡ ᠯᠡ ᠬᠦᠷ ᠬᠥᠭᠵᠢᠶᠡᠨ ᠲᠠᠢ ᠪᠠᠶᠢᠯ᠎ᠠ᠃ ᠠᠵᠢᠯᠴᠢᠳ ᠤᠨ ᠵᠠᠷᠢᠮ ᠨᠢ  ᠨᠤᠭᠤᠭ᠎ᠠ ᠪᠤᠭᠤᠳᠠᠯᠯᠠᠵᠤ᠂ ᠵᠠᠷᠢᠮ ᠨᠢ ᠨᠤᠭᠤᠭ᠎ᠠ ᠵᠥᠭᠡᠭᠡᠪᠦᠷᠢᠯᠡᠵᠦ᠂  ᠵᠠᠷᠢᠮ ᠨᠢ ᠠᠴᠢᠶᠠᠨ ᠤ ᠮᠠᠰᠢᠨ ᠳᠤ ᠭᠠᠷᠭᠠᠵᠤ᠂  ᠮᠠᠰᠢ ᠶᠠᠭᠠᠷᠠᠯᠲᠠᠢ ᠠᠵᠢᠯᠯᠠᠵᠠᠭᠠᠨ᠎ᠠ᠃ ᠣᠶᠢᠯᠠᠭᠠᠭᠰᠠᠨ ᠢᠶᠠᠷ᠂ ᠭᠧᠦ ᠮᠧᠨ ᠲᠣᠰᠬᠤᠨ ᠤ ᠢᠳᠡᠰᠢᠨ ᠨᠤᠭᠤᠭᠠᠨ ᠤ ᠠᠷᠠᠯᠵᠢᠶᠠᠨ ᠤ ᠵᠠᠬ᠎ᠠ ᠪᠣᠯ ᠲᠣᠰᠬᠤᠨ ᠤ ᠵᠠᠷᠢᠮ ᠢᠳᠡᠰᠢᠨ ᠨᠣᠭᠤᠭ᠎ᠠ ᠳᠠᠷᠢᠬᠤ ᠡᠷᠦᠬᠡ ᠪᠠ ᠭᠠᠳᠠᠨ᠎ᠠ ᠠᠴᠠ ᠢᠷᠡᠭᠰᠡᠨ ᠢᠳᠡᠰᠢᠨ ᠨᠤᠭᠤᠭᠠᠨ ᠤ ᠠᠷᠠᠯᠵᠢᠶᠠᠴᠢᠦᠨ ᠨᠢ ᠢᠳᠡᠰᠢᠨ ᠨᠤᠭᠤᠭᠠᠨ ᠤ ᠠᠷᠠᠯᠵᠢᠶ᠎ᠠ ᠬᠢᠬᠦ ᠶᠠᠪᠤᠴᠠ ᠳᠤ  ᠠᠶᠠᠨᠳᠠᠭᠠᠨ ᠪᠣᠶ ᠪᠣᠯᠤᠭᠰᠠᠨ ᠪᠠᠶᠢᠵᠠᠢ ᠃  ᠲᠠᠷᠢᠮᠠᠯ ᠤᠨ ᠲᠣᠮᠣ ᠡᠷᠦᠬᠡ ᠨᠢ ᠦᠪᠡᠷᠰᠡᠳ ᠢᠶᠠᠨ ᠪᠡᠯᠡ ᠬᠤᠷᠠᠮᠳᠤᠭᠤᠯᠤᠨ ᠬᠦᠢᠲᠡᠨ ᠬᠥᠮᠥᠷᠭᠡ ᠪᠠᠶᠢᠭᠤᠯᠵᠤ᠂ ᠢᠳᠡᠰᠢᠨ ᠨᠤᠭᠤᠭᠠᠨ ᠤ ᠬᠠᠳᠠᠭᠠᠯᠠᠬᠤ ᠴᠠᠭ ᠢ ᠤᠷᠲᠤᠳᠬᠠᠨ᠂ ᠰᠢᠨ᠎ᠡ ᠰᠤᠷᠭᠤᠭ ᠢ ᠪᠠᠳᠤᠯᠠᠭᠰᠠᠨ ᠪᠠᠶᠢᠨ᠎ᠠ᠃  ᠡᠬᠦᠨ ᠤ ᠬᠠᠮᠳᠤ᠂ ᠣᠨᠴᠠᠯᠢᠭᠲᠤ ᠲᠠᠷᠢᠮᠠᠯ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂  ᠬᠤᠰᠢᠭᠤ ᠵᠠᠰᠠᠭ ᠤᠨ ᠣᠷᠳᠣᠨ ᠠᠴᠠ ᠠᠳᠡᠬᠢ ᠰᠠᠭᠤᠷᠢ ᠲᠥᠬᠦᠭᠡᠷᠦᠮᠵᠢ ᠳᠤ ᠥᠭᠡᠷᠡᠴᠢᠯᠡᠯᠲᠡ ᠬᠢᠵᠦ᠂ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠠᠷᠠᠯᠵᠢᠶᠠᠨ ᠤ ᠠᠵᠢᠯᠯᠠᠭ᠎ᠠ ᠶᠢ ᠲᠦᠷᠢᠮᠵᠢᠬᠦᠯᠵᠡᠢ᠃     ᠭᠧᠦ ᠮᠧᠨ ᠲᠣᠰᠬᠤᠨ ᠤ ᠨᠠᠮ ᠤᠨ ᠡᠭᠦᠷ ᠤᠨ ᠱᠦᠵᠢ ᠭᠦᠸᠧ ᠵᠢᠶᠠᠩ᠄  ︽ ᠮᠠᠨ ᠤ ᠲᠣᠰᠬᠤᠨ ᠤ ᠢᠳᠡᠰᠢᠨ ᠨᠤᠭᠤᠭᠠᠨ ᠤ ᠠᠷᠠᠯᠵᠢᠶᠠᠨ ᠤ ᠵᠠᠬ᠎ᠠ   ᠨᠢ ᠵᠢᠯ ᠪᠦᠷᠢ ᠶᠢᠨ 6 ᠰᠠᠷ᠎ᠠ ᠠᠴᠠ ᠠᠵᠢᠯ ᠢᠶᠠᠨ ᠡᠬᠢᠯᠡᠬᠦᠯᠵᠦ᠂ 10 ᠰᠠᠷ᠎ᠠ ᠶᠢᠨ ᠲᠤᠮᠳᠠᠴᠢ ᠬᠦᠷᠦᠭᠡᠳ ᠲᠠᠭᠤᠰᠳᠠᠭ᠃ ᠤᠶᠢᠷ᠎ᠠ ᠳᠤ ᠡᠳᠦᠷ   ᠤᠨ ᠪᠠᠷᠤᠭ 45 ᠲᠣᠨ ᠨᠤᠭᠤᠭ᠎ᠠ ᠭᠠᠷᠭᠠᠵᠤ᠂  15 ᠲᠦᠮᠡᠨ ᠲᠥᠭᠦᠷᠢᠭ ᠤᠨ ᠠᠷᠠᠯᠵᠢᠶ᠎ᠠ ᠬᠢᠵᠦ ᠪᠤᠢ᠂  ᠵᠠᠬ᠎ᠠ ᠳᠡᠯᠭᠡᠭᠦᠷ ᠢ ᠲᠣᠰᠬᠤᠨ ᠤ ᠠᠷᠠᠳ ᠤᠨ ᠵᠥᠪᠯᠡᠯ ᠠᠴᠠ ᠬᠠᠮᠢᠶᠠᠷᠴᠤ᠂ ᠢᠳᠡᠰᠢᠨ ᠨᠤᠭᠤᠭᠠᠨ ᠤ ᠠᠵᠤ ᠦᠢᠯᠡᠰ ᠢᠶᠠᠷ ᠲᠠᠮᠵᠢᠨ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠬᠦᠯᠵᠦ ᠪᠠᠶᠢᠨ᠎ᠠ᠂ ᠬᠤᠶᠢᠰᠢᠳᠠ ᠪᠢᠳᠡ ᠢᠳᠡᠰᠢᠨ ᠨᠤᠭᠤᠭᠠᠨ ᠤ ᠪᠠᠨ ᠶᠠᠰᠤ ᠴᠢᠨᠠᠷ ᠤᠨ ᠲᠠᠯ᠎ᠠ ᠪᠠᠷ ᠬᠦᠴᠦ ᠣᠷᠣᠭᠤᠯᠵᠤ᠂ ᠠᠷᠠᠳ ᠢᠷᠭᠡᠳ ᠤᠨ ᠢᠶᠠᠨ ᠠᠵᠤ ᠠᠬᠤᠢ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠦᠨ᠎ᠡ︾᠃    ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ᠄ ︽ᠭᠧᠦ  ᠮᠧᠨ ᠲᠣᠰᠬᠤᠨ ᠤ ᠢᠳᠡᠰᠢᠨ ᠨᠤᠭᠤᠭᠠᠨ ᠤ ᠠᠷᠠᠯᠵᠢᠶᠠᠨ ᠤ ᠵᠠᠬ᠎ᠠ ᠨᠢ ᠡᠷᠬᠢᠨ ᠲᠣᠭᠤᠷᠢᠨ ᠤ ᠪᠠᠨ ᠠᠷᠪᠠᠭᠠᠳ ᠲᠣᠰᠬᠤᠨ ᠢ ᠨᠥᠯᠥᠭᠡᠯᠡᠵᠦ ᠠᠰᠢᠭ ᠣᠷᠣᠯᠭ᠎ᠠ ᠶᠢ ᠨᠢ ᠨᠡᠮᠡᠭᠳᠡᠬᠦᠯᠵᠦ ᠪᠠᠶᠢᠭ᠎ᠠ ᠶᠤᠮ᠃ ᠳᠠᠷᠠᠭᠠᠴᠢ ᠶᠢᠨ ᠠᠯᠬᠤᠮ ᠳᠤ ᠪᠢᠳᠡ ᠡᠨᠡᠬᠦ ᠵᠠᠬ᠎ᠠ ᠳᠡᠯᠭᠡᠭᠦᠷ ᠲᠤ ᠲᠦᠰᠢᠭᠯᠡᠨ᠂ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠲᠤᠬᠢᠷᠠᠭᠤᠯᠤᠨ ᠰᠢᠯᠢᠳᠡᠭᠵᠢᠬᠦᠯᠵᠦ᠂  ᠢᠳᠡᠰᠢᠨ ᠨᠤᠭᠤᠭᠠᠨ ᠤ ᠦᠢᠯᠡᠰ ᠢ ᠪᠤᠵᠠᠭᠠᠶᠢᠷᠠᠭᠤᠯᠤᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ  ︾᠃     ᠲᠠᠶᠢᠹᠤᠰᠧ ᠬᠤᠰᠢᠭᠤᠨ ᠤ ᠢᠳᠡᠰᠢᠨ ᠨᠤᠭᠤᠭᠠᠨ ᠤ ᠲᠠᠷᠢᠮᠠᠯ ᠨᠡᠯᠢᠶᠡᠳ ᠲᠥᠪᠯᠡᠷᠡᠭᠰᠡᠨ ᠭᠠᠵᠠᠷ ᠣᠷᠣᠨ ᠪᠣᠯᠤᠭᠰᠠᠨ ᠤ ᠬᠤᠪᠢ ᠳᠤ᠂ ᠴᠢᠶᠠᠨ ᠶᠢᠨ ᠭᠸᠦ ᠪᠠᠯᠭᠠᠰᠤ ᠨᠢ ᠭᠧᠦ ᠮᠧᠨ ᠲᠣᠰᠬᠤᠨ ᠤ ᠢᠳᠡᠰᠢᠨ ᠨᠤᠭᠤᠭᠠᠨ ᠤ ᠠᠷᠠᠯᠵᠢᠶᠠᠨ ᠤ ᠵᠠᠬ᠎ᠠ ᠶᠢ ᠠᠰᠢᠭᠯᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ  ᠤᠶᠢᠯᠠᠭᠠᠨ᠂ ᠲᠠᠷᠢᠮᠠᠯ ᠤᠨ ᠪᠦᠲᠦᠴᠡ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ᠂ ᠨᠡᠶᠢᠭᠡᠮ ᠤᠨ ᠬᠢᠨ ᠣᠷᠣᠯᠴᠠᠭᠰᠠᠨ᠂ ᠠᠷᠠᠳ ᠢᠷᠭᠡᠳ ᠠᠰᠢᠭ ᠬᠦᠷᠲᠡᠭᠰᠡᠨ᠂ ᠣᠨᠴᠠᠯᠢᠭᠲᠤ ᠢᠳᠡᠰᠢᠨ ᠨᠤᠭᠤᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠬᠦᠯᠦᠭᠡᠳ᠂ ᠣᠷᠣᠨ ᠨᠤᠲᠤᠭ ᠤᠨ ᠢᠳᠡᠰᠢᠨ ᠨᠤᠭᠤᠭᠠᠨ ᠤ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠦᠴᠦᠲᠡᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠦᠨ ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号