ᠰᠦᠩ ᠵᠢᠶᠠ ᠬᠤᠢ᠄  ᠤᠷᠢ ᠵᠠᠯᠠᠭᠤ ᠶᠢᠨ ᠬᠦᠴᠦᠨ ᠴᠢᠳᠠᠯ ᠢᠶᠠᠨ ᠠᠷᠠᠳ ᠲᠦᠮᠡᠨ ᠪᠠ ᠨᠠᠮ ᠳᠠᠭᠠᠨ ᠡᠷᠬᠦᠨᠡᠮ
ᠨᠡᠶᠢᠲᠡᠯᠡᠭᠰᠡᠨ ᠴᠠᠭ᠄
2023/7/5
   ︽ᠪᠢ ᠲᠤᠷᠠᠳᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ ᠨᠠᠮ ᠤᠨ ᠬᠥᠲᠥᠯᠪᠦᠷᠢ ᠶᠢ ᠬᠦᠷᠢᠶᠡᠯᠡᠵᠦ᠂ ᠨᠠᠮ ᠤᠨ ᠳᠦᠷᠢᠮ ᠢ ᠵᠢᠷᠤᠮᠯᠠᠨ᠂ ᠨᠠᠮ ᠤᠨ ᠭᠡᠰᠢᠭᠦᠨ ᠤ ᠡᠭᠦᠷᠭᠡ ᠶᠢ ᠭᠦᠢᠴᠡᠳᠬᠡᠵᠦ᠂ ᠨᠠᠮ ᠤᠨ ᠲᠣᠭᠲᠠᠭᠠᠯ ᠢ ᠬᠡᠷᠡᠭᠵᠢᠭᠦᠯᠦᠨ᠎ᠡ︾  ᠂᠂᠂᠂᠂᠂ 7 ᠰᠠᠷ᠎ᠠ ᠶᠢᠨ 1  ᠤ ᠡᠳᠦᠷ᠂ ᠴᠢᠶᠠᠨ ᠶᠢᠨ ᠭᠧᠦ  ᠪᠠᠯᠭᠠᠰᠤᠨ ᠤ ᠵᠠᠯᠠᠭᠤ ᠺᠠᠳ᠋ᠷ ᠰᠥᠩ ᠵᠢᠶᠠ ᠾᠦᠢ ᠶᠢᠨ ᠳᠠᠭᠠᠭᠤᠯᠭ᠎ᠠ ᠪᠠᠷ᠂  ᠴᠢ ᠬᠤᠤ ᠲᠣᠰᠬᠤᠨ ᠤ ᠨᠠᠮ ᠤᠨ ᠭᠡᠰᠢᠬᠦᠳ ᠨᠠᠮ ᠤᠨ ᠲᠤᠭ ᠤᠨ ᠡᠮᠦᠨ᠎ᠡ ᠨᠠᠮ ᠳᠤ ᠤᠷᠤᠬᠤ ᠲᠠᠩᠭᠠᠷᠢᠭ ᠤᠨ ᠦᠬᠡ ᠪᠠᠨ ᠰᠠᠨᠠᠭᠠᠯᠵᠠᠨ ᠤᠩᠰᠢᠵᠤ᠂   ᠨᠠᠮ ᠤᠨ ᠦᠢᠯᠡᠰ ᠤᠨ ᠲᠥᠯᠥᠭᠡ ᠨᠠᠰᠤ ᠪᠠᠷ ᠢᠶᠠᠨ ᠲᠡᠮᠡᠴᠡᠬᠦ  ᠢᠳᠡᠭᠡᠯ ᠵᠣᠷᠢᠭ ᠢᠶᠠᠨ ᠢᠯᠡᠳᠭᠡᠯ᠎ᠡ᠃  ᠡᠨᠡ  ᠪᠤᠯ ᠰᠦᠩ ᠵᠢᠶᠠ ᠬᠤᠢ ᠪᠣᠯᠣᠨ ᠲᠤᠰᠬᠤᠨ ᠤ ᠨᠠᠮ ᠤᠨ ᠡᠬᠦᠷ᠂  ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ  ᠦᠷᠨᠢᠬᠦᠯᠦᠭᠰᠡᠨ ︽7.1︾  ᠤ  ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭᠠᠨ ᠤ  ᠨᠢᠭᠡᠨ ᠠᠭᠤᠯᠭ᠎ᠠ ᠪᠠᠶᠢᠵᠠᠢ᠃     ᠡᠨᠡ ᠡᠳᠦᠷ᠂ ᠰᠦᠩ ᠵᠢᠶᠠ ᠾᠦᠢ ᠪᠠᠰᠠ ︽ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠬᠤ ᠢᠳᠡ ᠬᠦᠴᠦᠨ ᠢ ᠨᠢ ᠰᠢᠩᠭᠡᠬᠡᠨ ᠠᠪᠰᠤᠭᠠᠢ︾  ᠬᠡᠮᠡᠬᠦ ᠰᠡᠳᠦᠪ ᠢᠶᠠᠷ ᠲᠤᠰᠬᠤᠨ ᠤ ᠨᠠᠮ ᠤᠨ ᠭᠡᠰᠢᠭᠦᠳ ᠲᠠᠢ ᠥᠪᠡᠷ ᠤᠨ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ᠂  ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢᠨ ᠭᠦᠨ ᠠᠭᠤᠯᠤᠭᠳᠠᠬᠤᠨ ᠢ ᠰᠤᠷᠤᠯᠴᠠᠨ ᠣᠶᠢᠯᠠᠭᠠᠵᠤ᠂ ︽ᠮᠣᠩᠭᠤᠯ ᠮᠣᠷᠢᠨ︾ ᠤ ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠶᠢ  ᠪᠠᠳᠠᠷᠠᠭᠤᠯᠤᠨ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ  ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠰᠦᠬᠡᠢ ᠬᠡᠵᠦ ᠨᠠᠮ ᠤᠨ ᠭᠡᠰᠢᠬᠦᠳ ᠢ ᠤᠷᠢᠶᠠᠯᠠᠭᠰᠠᠨ ᠪᠠᠶᠢᠨ᠎ᠠ᠃ ᠰᠦᠩ ᠵᠢᠶᠠ ᠾᠦᠢ ᠬᠢᠭᠡᠳ ᠲᠣᠰᠬᠤᠨ ᠤ ︽ᠬᠤᠶᠠᠷ ᠵᠥᠪᠯᠡᠯ︾ ᠤᠨ ᠣᠨᠴᠠ ᠤᠷᠢᠯᠭ᠎ᠠ ᠪᠠᠷ᠂ ᠲᠤᠰᠬᠤᠨ ᠤ ᠠᠷᠠᠳ ᠠᠴᠠ ︽ᠳᠤᠮᠳᠠᠳᠤ ᠤᠯᠤᠰ ᠢᠶᠠᠨ ᠬᠠᠶᠢᠷᠠᠯᠠᠨ᠎ᠠ︾᠂ ︽ᠤᠯᠠᠭᠠᠨ ᠲᠤᠭ ᠤᠨ ᠮᠠᠭᠲᠠᠭᠠᠯ︾ ᠵᠡᠷᠭᠡ ᠤᠷᠠᠨ ᠰᠠᠶᠢᠬᠠᠨ ᠤ ᠲᠣᠭᠯᠠᠯᠲᠠ ᠶᠢ ᠭᠠᠷᠭᠠᠵᠤ᠂  ᠠᠭᠤᠤ ᠨᠠᠮ ᠤᠨ ᠢᠶᠠᠨ ᠭᠠᠪᠢᠶ᠎ᠠ ᠠᠤᠭ᠎ᠠ ᠵᠢᠳᠬᠦᠯ ᠪᠣᠯᠣᠨ ᠡᠬᠡ ᠤᠯᠤᠰ ᠤᠨ ᠢᠶᠠᠨ ᠬᠥᠭᠵᠢᠯ ᠴᠡᠴᠡᠭᠯᠡᠯ ᠢ ᠬᠠᠯᠠᠭᠤᠨ ᠰᠡᠳᠬᠢᠯᠭᠡ ᠪᠠᠷ ᠮᠠᠭᠲᠠᠨ ᠲᠠᠭᠤᠯᠠᠵᠤ᠂  ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠰᠡᠳᠬᠢᠯ ᠨᠢᠬᠡᠳᠦᠨ ᠬᠠᠮᠲᠤ ᠪᠠᠷ ᠴᠢᠷᠮᠠᠶᠢᠬᠤ ᠡᠷᠡᠰ ᠵᠣᠷᠢᠭ ᠢ ᠬᠠᠷᠠᠭᠤᠯᠤᠨ᠂ ᠬᠥᠳᠡᠭᠡ ᠲᠣᠰᠬᠤᠨ ᠤ  ᠰᠤᠶᠤᠯ ᠤᠶᠤᠨ ᠤ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠪᠠ ᠃  ᠲᠠᠷᠠᠭ᠎ᠠ ᠨᠢ᠂ ᠰᠦᠩ ᠵᠢᠶᠠ ᠾᠦᠢ ᠲᠣᠰᠬᠤᠨ ᠤ ᠺᠠᠳ᠋ᠷ ᠪᠤᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ  ᠶᠢᠨ ᠬᠡᠰᠢᠬᠦᠳ ᠲᠠᠢ ᠬᠠᠮᠳᠤ   ᠪᠠᠷ  ᠠᠬᠠᠮᠠᠳ ᠨᠠᠮ ᠤᠨ ᠭᠡᠰᠢᠭᠦᠨ᠂ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠢ ᠡᠷᠬᠢᠨ ᠲᠣᠬᠤᠨᠢᠭᠤᠯᠵᠤ᠂ ᠲᠡᠳᠡᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ ᠢ ᠠᠰᠠᠭᠤᠵᠤ ᠤᠶᠢᠯᠠᠭᠠᠨ᠂ ᠬᠥᠳᠡᠭᠡ ᠲᠣᠰᠬᠤᠨ ᠤ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠨᠢ ᠬᠦᠯᠢᠴᠡᠩᠭᠦᠢ ᠪᠠᠷ ᠰᠤᠨᠤᠰᠴᠤ᠂ ᠲᠤᠬᠤᠨᠢᠭᠤᠯᠭ᠎ᠠ ᠶᠢᠨ ᠡᠳ᠋ ᠪᠣᠳᠠᠰ ᠢ ᠭᠠᠷᠳᠠᠭᠤᠯᠤᠨ᠂  ᠪᠠᠶᠠᠷ ᠤᠨ ᠡᠳᠦᠷ ᠤᠨ ᠮᠡᠨᠳᠦᠴᠢᠯᠡᠯ  ᠪᠠ ᠵᠥᠩᠨᠡᠯ ᠢ ᠲᠡᠪᠰᠢᠬᠦᠯᠦᠭᠰᠡᠨ ᠤ ᠬᠠᠮᠳᠤ᠂ ᠬᠥᠳᠡᠯᠵᠦ ᠪᠠᠷᠢᠬᠤ ᠳᠤ ᠳᠥᠭᠦᠮ ᠦᠭᠡᠢ ᠠᠬᠠᠮᠠᠳ ᠨᠠᠮ ᠤᠨ ᠭᠡᠰᠢᠭᠦᠨ ᠢ ᠬᠠᠪᠰᠤᠷᠤᠨ ᠬᠦᠷᠢᠶ᠎ᠡ ᠬᠠᠰᠢᠶ᠎ᠠ ᠶᠢ ᠨᠢ ᠱᠦᠭᠦᠷᠳᠡᠵᠦ᠂ ᠰᠢᠯ ᠴᠤᠩᠬᠤ ᠶᠢ ᠨᠢ ᠵᠦᠯᠬᠦᠨ᠂  ᠬᠤᠭ ᠨᠣᠪᠰᠢ ᠶᠢ ᠨᠢ ᠴᠡᠪᠡᠷᠯᠡᠵᠦ᠂ ᠨᠠᠮ ᠤᠨ ᠬᠠᠶᠢᠷ᠎ᠠ ᠬᠠᠯᠠᠮᠵᠢ ᠶᠢ ᠬᠦᠷᠳᠡᠭᠡᠭᠰᠡᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号