ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠠᠭᠠᠵᠠᠯᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/7/7
             ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ       ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠲᠠᠷᠢᠶᠠᠨ ᠭᠠᠵᠠᠷ ᠢ      ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠠᠭᠠᠵᠠᠯᠠᠬᠤ ᠲᠤᠬᠠᠢ ᠠᠯᠪᠠᠨ ᠵᠠᠷᠯᠠᠯ     ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠬᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠷᠢᠶᠠᠨ ᠭᠠᠵᠠᠷ ᠢ ︿ᠠᠮᠤ ᠪᠤᠳᠠᠭᠠᠨ ᠤ ᠪᠤᠰᠤ ᠪᠣᠯᠭᠠᠬᠤ﹀ ᠶᠢ  ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 44 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ  ᠵᠠᠷᠯᠠᠨ ᠮᠡᠳᠡᠭᠳᠡᠰᠦᠬᠡᠢ᠄   1. ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠪᠠ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠠᠭᠠᠵᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 2024 ᠣᠨ ᠠᠴᠠ ᠡᠬᠢᠯᠡᠨ᠂ ᠪᠥᠬᠦ ᠬᠤᠰᠢᠭᠤᠨ ᠤ ᠪᠣᠶ ᠪᠦᠬᠦᠢ ᠤᠰᠤᠯᠠᠯᠲᠠ ᠶᠢᠨ ᠲᠠᠷᠢᠶ᠎ᠠ ︵ᠥᠨᠳᠥᠷ ᠤᠨᠠᠯᠳᠠᠳᠤ ᠪᠣᠷᠳᠣᠭᠠᠨ ᠭᠠᠵᠠᠷ ᠪᠠᠭᠲᠠᠨ᠎ᠠ︶ ᠳᠤ ᠨᠡᠷᠡᠨ ᠬᠤᠸᠠᠷ ᠳᠠᠷᠢᠬᠤ ᠶᠢ ᠴᠠᠭᠠᠵᠠᠯᠠᠵᠤ᠂ ᠪᠣᠶ ᠪᠦᠬᠦᠢ ᠲᠠᠷᠢᠶᠠᠨ ᠭᠠᠵᠠᠷ ᠤᠨ ᠳᠣᠲᠣᠷᠠᠬᠢ ᠨᠢᠯᠬ᠎ᠠ ᠮᠣᠳᠣ ᠶᠢ ᠡᠷᠬᠡᠪᠰᠢ ᠠᠯᠢ ᠲᠦᠷᠭᠡᠨ ᠢᠶᠠᠷ ᠴᠡᠪᠡᠷᠯᠡᠬᠦ ᠬᠡᠷᠡᠭᠲᠡᠢ᠃      2. ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠪᠠ ᠠᠮᠤ ᠪᠤᠳᠠᠭ᠎ᠠ ᠲᠠᠷᠢᠬᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠭᠠᠵᠠᠷ ᠰᠢᠷᠣᠢ ᠲᠠᠭᠠᠭᠠᠴᠢᠯᠠᠭᠰᠠᠨ ᠡᠷᠦᠬᠡ ᠨᠢ ᠵᠢᠯ ᠪᠦᠷᠢ ᠤᠯᠤᠰ ᠤᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠨᠥᠬᠦᠪᠦᠷᠢ ᠶᠢ ᠠᠪᠴᠤ ᠪᠠᠶᠢᠭ᠎ᠠ ᠪᠣᠯᠬᠤᠷ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠲᠠᠢ ᠶᠤᠮ᠃ ᠭᠠᠵᠠᠷ ᠰᠢᠷᠣᠢ ᠬᠡᠷᠡᠭᠯᠡᠭᠴᠢ ᠨᠢ ᠭᠠᠵᠠᠷ ᠰᠢᠷᠣᠢ ᠶᠢ ᠰᠢᠭᠤᠳ ᠠᠰᠢᠭᠯᠠᠨ ᠲᠠᠷᠢᠶᠠᠯᠠᠩ ᠤᠨ ᠦᠢᠯᠡᠳᠪᠦᠷᠢᠯᠡᠯ ᠡᠷᠬᠢᠯᠡᠬᠦ ᠳᠤ ᠡᠷᠬᠡᠪᠰᠢ ᠭᠠᠵᠠᠷ ᠰᠢᠷᠣᠢ ᠶᠢ ᠬᠠᠮᠠᠭᠠᠯᠠᠬᠤ ᠬᠠᠷᠢᠭᠤᠴᠠᠯᠭ᠎ᠠ ᠶᠢ ᠡᠬᠦᠷᠭᠡᠯᠡᠨ᠎ᠡ᠃  ᠭᠠᠴᠠᠭ᠎ᠠ ᠲᠤᠰᠬᠤᠨ ᠤ ᠠᠷᠠᠳ ᠤᠨ ᠵᠥᠪᠯᠡᠯ ᠪᠣᠯ ᠭᠠᠴᠠᠭ᠎ᠠ ᠲᠤᠰᠬᠤᠨ ᠱᠠᠲᠤᠨ ᠤ ᠬᠠᠮᠲᠤ ᠶᠢᠨ ᠭᠠᠵᠠᠷ ᠰᠢᠷᠣᠢ ᠶᠢᠨ ᠳᠠᠭᠠᠭᠠᠴᠢᠯᠠᠭᠤᠯᠤᠭᠴᠢ ᠪᠤᠯᠬᠤᠷ ᠲᠠᠷᠢᠶᠠᠨ ᠭᠠᠵᠠᠷ ᠢ ᠬᠠᠮᠠᠭᠠᠯᠠᠬᠤ ᠳᠤ ᠬᠢᠨᠠᠯᠲᠠ ᠲᠠᠯᠪᠢᠬᠤ ᠡᠷᠬᠡ ᠪᠠᠨ ᠰᠠᠶᠢᠲᠤᠷ ᠬᠡᠷᠡᠭᠵᠢᠭᠦᠯᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂  ᠰᠤᠮᠤ ᠰᠢᠶᠠᠩ ᠪᠠᠯᠭᠠᠰᠤ ᠨᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠨᠢᠮᠪᠠᠢ ᠭᠦᠢᠴᠡᠳᠬᠡᠵᠦ᠂  ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠵᠤ ᠲᠠᠷᠢᠶᠠᠨ ᠭᠠᠵᠠᠷ   ᠤᠨ ᠬᠠᠮᠠᠭᠠᠯᠠᠯᠳᠠ ᠶᠢ ᠴᠢᠩᠭᠠᠳᠬᠠᠨ᠂ ︽ᠲᠠᠷᠢᠶᠠᠨ ᠭᠠᠵᠠᠷ ᠢ ᠠᠮᠤ ᠪᠤᠳᠠᠭᠠᠨ   ᠤ ᠪᠤᠰᠤ ᠪᠣᠯᠭᠠᠬᠤ︾ ᠶᠢ  ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠬᠦ  ᠬᠡᠷᠡᠭᠲᠡᠢ᠃     3. ᠵᠠᠯᠬᠠᠭᠠᠨ ᠰᠢᠳᠬᠡᠬᠦ ᠠᠷᠭ᠎ᠠ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃  ᠭᠠᠴᠠᠭ᠎ᠠ ᠲᠤᠰᠬᠤᠨ ᠤ ᠠᠷᠠᠳ ᠤᠨ ᠵᠥᠪᠯᠡᠯ ᠪᠠ ᠭᠠᠵᠠᠷ ᠰᠢᠷᠣᠢ ᠲᠠᠭᠠᠭᠠᠴᠢᠯᠠᠭᠤᠯᠤᠭᠰᠠᠨ ᠡᠷᠦᠬᠡ ᠨᠢ   ᠬᠤᠰᠢᠭᠤ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠪᠠ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾   ᠶᠢ ᠴᠠᠭᠠᠵᠠᠯᠠᠬᠤ ᠱᠠᠭᠠᠷᠳᠠᠯᠭ᠎ᠠ ᠶᠢ ᠭᠠᠵᠠᠷ ᠰᠢᠷᠣᠢ  ᠭᠡᠷᠡᠭᠯᠡᠭᠴᠢ ᠳᠤ ᠲᠣᠳᠣᠷᠬᠠᠢ ᠬᠡᠯᠡᠵᠦ ᠥᠭᠬᠦ ᠬᠡᠷᠡᠭᠲᠡᠢ᠃  ᠰᠤᠮᠤ ᠰᠢᠶᠠᠩ ᠪᠠᠯᠭᠠᠰᠤ ᠪᠣᠯᠣᠨ ᠭᠠᠴᠠᠭ᠎ᠠ ᠲᠣᠰᠬᠤᠨ ᠨᠢ ᠬᠠᠷᠢᠶ᠎ᠠ ᠣᠷᠣᠨ ᠤ ᠪᠠᠨ ᠲᠠᠷᠢᠶᠠᠯᠠᠩ ᠤᠨ ᠪᠠᠶᠢᠳᠠᠯ ᠢ ᠤᠶᠢᠯᠠᠭᠠᠨ ᠪᠠᠶᠢᠴᠠᠭᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ  ᠰᠡᠷᠡᠮᠵᠢᠯᠡᠬᠦᠯᠵᠦ᠂᠂ ᠵᠠᠯᠠᠷᠠᠭᠤᠯᠬᠤ ᠶᠢᠨ ᠬᠠᠮᠳᠤ ᠳᠡᠭᠡᠭᠰᠢ ᠮᠡᠳᠡᠭᠦᠯᠬᠦ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠱᠠᠭᠠᠷᠳᠠᠯᠭ᠎ᠠ ᠠᠴᠠ ᠵᠦᠷᠢᠴᠡᠭᠰᠡᠨ ᠪᠠᠶᠢᠳᠠᠯ᠎ᠠ ᠭᠠᠵᠠᠷ ᠰᠢᠷᠣᠢ ᠲᠠᠭᠠᠭᠠᠴᠢᠯᠠᠭᠤᠯᠤᠭᠰᠠᠨ ᠡᠷᠦᠬᠡ ᠨᠢ ᠭᠠᠵᠠᠷ ᠰᠢᠷᠤᠢ  ᠭᠡᠷᠡᠭᠯᠡᠭᠴᠢ ᠳᠤ ᠮᠡᠳᠡᠭᠳᠡᠭᠰᠡᠨ ᠦᠭᠡᠢ ᠪᠠ ᠬᠤᠷᠢᠭᠯᠠᠭᠰᠠᠨ ᠦᠭᠡᠢ ᠪᠠᠶᠢᠪᠠᠯ᠂ ᠭᠠᠵᠠᠷ ᠰᠢᠷᠣᠢ ᠲᠠᠭᠠᠭᠠᠴᠢᠯᠠᠭᠤᠯᠤᠭᠰᠠᠨ ᠡᠷᠦᠬᠡ ᠶᠢᠨ ᠳᠠᠷᠠᠭ᠎ᠠ ᠵᠢᠯ ᠤᠨ ᠬᠢᠨᠢ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠨᠥᠬᠦᠪᠦᠷᠢ ᠶᠢ ᠨᠢ ᠵᠤᠭᠰᠤᠭᠠᠵᠤ  ᠂ ᠭᠠᠴᠠᠭ᠎ᠠ ᠲᠤᠰᠬᠤᠨ᠂ ᠰᠤᠮᠤ ᠰᠢᠶᠠᠩ ᠪᠠᠯᠭᠠᠰᠤ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠭᠠᠵᠠᠷ ᠰᠢᠷᠣᠢ ᠬᠡᠷᠡᠭᠯᠡᠭᠴᠢ ᠨᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠦᠬᠡᠢ᠂ ᠠᠵᠢᠯ ᠳᠤ  ᠬᠠᠮᠵᠢᠯᠴᠠᠬᠤ ᠦᠬᠡᠢ ᠪᠤᠯ᠂  ᠲᠠᠭᠠᠭᠠᠴᠢᠯᠠᠨ ᠡᠵᠡᠩᠨᠡᠵᠦ ᠪᠠᠶᠢᠭ᠎ᠠ  ᠭᠠᠵᠠᠷ ᠰᠢᠷᠣᠢ ᠶᠢ ᠨᠢ ᠳᠠᠬᠢᠨ ᠬᠠᠭᠠᠯᠪᠤᠷᠢᠯᠠᠭᠤᠯᠬᠤ ᠪᠠᠷ  ᠠᠯᠪᠠᠳᠠᠵᠤ ᠱᠠᠭᠠᠷᠳᠠᠨ᠎ᠠ᠃     4. ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠬᠠᠷᠢᠶ᠎ᠠ ᠣᠷᠣᠨ ᠤ ᠪᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠡᠵᠡᠩᠨᠡᠨ ᠪᠤᠷᠤᠯᠠᠭᠤᠯᠬᠤ ᠠᠵᠤ ᠠᠬᠤᠶᠢᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂  ᠲᠠᠷᠢᠮᠠᠯ ᠤᠨ ᠦᠷ᠎ᠡ ᠡᠵᠡᠩᠨᠡᠨ ᠪᠣᠷᠣᠯᠠᠭᠤᠯᠵᠤ ᠪᠠᠶᠢᠭ᠎ᠠ  ᠶᠠᠪᠤᠭᠤᠯ ᠤᠨ ᠬᠤᠳᠠᠯᠳᠤᠭᠠᠴᠢᠨ ᠳᠤ ᠴᠢᠩᠭ᠎ᠠ ᠴᠣᠬᠢᠯᠲᠠ ᠥᠭᠴᠦ᠂ ᠬᠠᠭᠤᠷᠮᠠᠭ ᠮᠠᠭᠤ ᠲᠠᠷᠢᠮᠠᠯ ᠤᠨ ᠦᠷ᠎ᠡ ᠮᠠᠨ ᠤ ᠬᠤᠰᠢᠭᠤᠨ ᠤ  ᠵᠠᠬ᠎ᠠ ᠳᠡᠯᠭᠡᠭᠦᠷ ᠲᠤ ᠣᠷᠣᠬᠤ ᠶᠢ ᠡᠷᠡᠰ ᠬᠤᠷᠢᠭᠯᠠᠨ᠂ ᠨᠡᠷᠡᠨ ᠬᠤᠸᠠᠷ ᠤᠨ ᠦᠷ᠎ᠡ  ᠡᠵᠡᠩᠨᠡᠨ ᠪᠤᠷᠤᠯᠠᠭᠤᠯᠬᠤ ᠡᠷᠦᠬᠡ ᠶᠢ ᠴᠢᠩᠭ᠎ᠠ ᠬᠠᠮᠢᠶᠠᠷᠤᠨ ᠡᠵᠡᠮᠳᠡᠨ᠎ᠡ᠃     5. ᠰᠠᠬᠢᠯᠭ᠎ᠠ ᠪᠠᠲᠤ ᠶᠢᠨ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤ ᠪᠣᠯᠣᠨ ᠭᠠᠴᠠᠭ᠎ᠠ ᠲᠣᠰᠬᠤᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ  ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠠᠬᠢᠯᠭ᠎ᠠ ᠪᠠᠲᠤ ᠶᠢᠨ ᠴᠢᠩᠭ᠎ᠠ ᠬᠢᠨᠠᠯᠲᠠ ᠲᠠᠯᠪᠢᠨ᠎ᠠ᠃     6 . ᠠᠯᠪᠠᠨ ᠠᠵᠢᠯᠳᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠥᠷᠭᠡᠳᠬᠡᠨ᠂ ᠠᠯᠪᠠᠨ ᠠᠵᠢᠯᠳᠠᠨ ᠤ  ᠬᠦᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠳᠤ ᠤᠷᠤᠯᠴᠠᠬᠤ᠂ ᠭᠠᠵᠠᠷ ᠰᠢᠷᠣᠢ ᠶᠢᠨ ᠲᠠᠭᠠᠭᠠᠴᠢᠯᠠᠯᠳᠠ ᠶᠢᠨ ᠲᠤᠮᠳᠠ ᠠᠴᠠ ᠠᠰᠢᠭ ᠤᠯᠬᠤ ᠵᠡᠷᠭᠡ ᠠᠰᠠᠭᠤᠳᠠᠯ ᠤᠨ ᠰᠦᠪᠡᠭᠴᠢ ᠶᠢ ᠥᠷᠭᠡᠨ ᠢᠶᠠᠷ ᠡᠯᠰᠡᠵᠦ᠂  ᠬᠢᠨᠠᠨ ᠬᠠᠷᠭᠤᠭᠤᠯᠬᠤ ᠪᠠᠷ ᠳᠠᠮᠵᠢᠭᠠᠳ ᠪᠠᠶᠢᠳᠠᠯ ᠨᠢ ᠦᠨᠡᠨ ᠪᠤᠳᠠᠳᠠᠢ ᠪᠤᠯ ᠢᠯᠡᠴᠢᠯᠡᠨ  ᠮᠡᠳᠡᠬᠦᠯᠦᠭᠰᠡᠨ ᠬᠦᠮᠦᠨ ᠢ ᠪᠡᠯᠡᠨ ᠵᠣᠭᠤᠰ ᠢᠶᠠᠷ ᠱᠠᠩᠨᠠᠨ  ᠵᠤᠷᠢᠬᠵᠢᠭᠤᠯᠤᠨ᠎ᠠ᠃        ᠢᠯᠡᠴᠢᠯᠡᠨ ᠮᠡᠳᠡᠭᠦᠯᠬᠦ ᠤᠲᠠᠰᠤ᠄  ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠄ 0479 ︱ 5226996   ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠄ 0479 ︱ 5238133                                         ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                        2023 ᠣᠨ ᠤ 7 ᠰᠠᠷ᠎ᠠ ᠶᠢᠨ4   ᠤ ᠡᠳᠦᠷ    
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号