2023 ᠣᠨ ᠤ ᠡᠪᠡᠰᠦ ᠬᠠᠳᠤᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/8/15
   ᠨᠠᠮᠤᠷ ᠤᠨ ᠤᠯᠠᠷᠢᠯ ᠤᠨ ᠡᠪᠡᠰᠦ ᠬᠠᠳᠤᠬᠤ ᠠᠵᠢᠯᠯᠠᠭ᠎ᠠ ᠶᠢ ᠲᠦᠷᠢᠮᠵᠢᠬᠦᠯᠦᠨ᠂ ᠨᠤᠳᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠬᠠᠮᠠᠭᠠᠯᠠᠵᠤ᠂  ᠠᠰᠢᠭᠯᠠᠵᠤ᠂ ᠪᠠᠶᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︽ᠰᠢᠯᠢ ᠶᠢᠨ ᠭᠤᠣᠯ ᠠᠶᠢᠮᠠᠭ ᠤᠨ ᠪᠠᠶᠢᠭᠠᠯᠢᠯᠢᠭ ᠬᠠᠳᠤᠯᠠᠩ ᠤᠨ ᠲᠠᠯᠠᠪᠠᠢ   ᠶᠢᠨ ᠬᠠᠮᠠᠭᠠᠯᠠᠯᠳᠠ ᠪᠠ ᠠᠰᠢᠭᠯᠠᠯᠳᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ︽ᠡᠷᠳᠡ ᠠᠴᠠ ᠵᠠᠷᠯᠠᠨ ᠮᠡᠳᠡᠭᠳᠡᠬᠦ᠂ ᠨᠡᠶᠢᠭᠡᠮ ᠨᠡᠶᠢᠲᠡ ᠪᠠᠷ ᠢᠶᠠᠨ ᠵᠠᠰᠠᠬᠤ︾ ᠵᠠᠷᠴᠢᠮ ᠶᠣᠰᠣᠭᠠᠷ ᠂ ᠡᠳᠦᠭᠡ ᠮᠠᠨ ᠤ ᠬᠤᠰᠢᠭᠤᠨ ᠤ ᠡᠪᠡᠰᠦ ᠬᠠᠳᠤᠵᠤ  ᠬᠤᠷᠢᠶᠠᠬᠤ ᠠᠵᠢᠯ ᠤᠨ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠳᠣᠣᠷᠠᠬᠢ ᠮᠡᠲᠦ  ᠵᠠᠷᠯᠠᠨ ᠮᠡᠳᠡᠭᠳᠡᠵᠦ ᠪᠠᠶᠢᠨᠠᠮ᠄      ᠨᠢᠭᠡ᠂  ᠬᠠᠳᠤᠯᠠᠩ ᠤᠨ ᠴᠠᠭ ᠢ ᠴᠢᠩᠭ᠎ᠠ ᠵᠢᠷᠤᠮᠯᠠᠨ᠎ᠠ᠃  ᠮᠠᠨ ᠤ ᠬᠤᠰᠢᠭᠤᠨ ᠤ ᠣᠳᠣᠬᠠᠨ ᠤ ᠠᠭᠤᠷ ᠠᠮᠢᠰᠬᠤᠯ ᠤᠨ ᠨᠥᠬᠦᠴᠡᠯ᠂ ᠡᠪᠡᠰᠦ ᠪᠡᠯᠴᠢᠭᠡᠷ ᠤᠨ ᠤᠷᠭᠤᠴᠠ ᠵᠢᠴᠢ ᠭᠠᠯ ᠰᠡᠷᠭᠡᠶᠢᠯᠡᠬᠦ ᠠᠵᠢᠯ ᠲᠠᠢ ᠤᠶᠠᠯᠳᠤᠭᠤᠯᠵᠤ᠂ ᠡᠨᠡ ᠵᠢᠯ ᠤᠨ ᠬᠠᠳᠤᠯᠠᠩ ᠳᠤ ᠭᠠᠷᠬᠤ ᠴᠠᠭ ᠢ 8 ᠰᠠᠷ᠎ᠠ ᠶᠢᠨ 25 ᠤ ᠡᠳᠦᠷ ᠠᠴᠠ 10 ᠰᠠᠷ᠎ᠠ ᠶᠢᠨ 10 ᠤ ᠡᠳᠦᠷ ᠢᠶᠠᠷ ᠲᠤᠭᠳᠠᠭᠠᠪᠠ᠂ ᠶᠠᠮᠠᠷᠪᠠ ᠨᠢᠭᠡᠴᠡ ᠪᠠ ᠬᠤᠪᠢ ᠬᠥᠮᠥᠨ ᠬᠠᠳᠤᠯᠠᠩ ᠤᠨ ᠴᠠᠭ ᠠᠴᠠ ᠤᠷᠢᠳᠴᠢᠯᠠᠬᠤ ᠪᠤᠶᠤ ᠬᠠᠳᠤᠯᠠᠩ ᠤᠨ ᠴᠠᠭ ᠢ ᠤᠷᠳᠤᠳᠬᠠᠵᠤ ᠪᠤᠯᠬᠤ ᠦᠬᠡᠢ᠃      ᠬᠤᠶᠠᠷ᠂  ᠳᠦᠷᠢᠮ ᠲᠣᠭᠲᠠᠭᠠᠯ ᠢ ᠴᠢᠩᠭ᠎ᠠ ᠭᠡᠷᠡᠭᠵᠢᠬᠦᠯᠦᠨ᠎ᠡ᠃ 300 ᠮᠧᠲᠷ ᠡᠪᠡᠰᠦ ᠬᠠᠳᠤᠬᠤ ᠪᠦᠷᠢ 20 ᠮᠧᠲᠷ ᠠᠴᠠ ᠲᠡᠭᠡᠭᠰᠢ ᠡᠪᠡᠰᠦᠨ ᠤ ᠦᠷ᠎ᠡ ᠶᠢᠨ ᠪᠦᠰᠡ ᠦᠯᠡᠳᠡᠬᠡᠵᠦ  ᠂ ᠤᠷᠭᠤᠮᠠᠯ ᠤᠨ ᠬᠤᠴᠢᠯᠭ᠎ᠠ ᠶᠢ  ᠰᠡᠷᠬᠦᠬᠡᠬᠦ ᠭᠡᠷᠡᠭᠳᠡᠢ᠃ ᠮᠠᠨ ᠤ ᠬᠤᠰᠢᠭᠤᠨ ᠤ ᠨᠤᠳᠤᠭ ᠪᠡᠯᠴᠢᠭᠡᠷ ᠤᠨ ᠣᠨᠴᠠᠯᠢᠭ ᠪᠠ ᠭᠠᠵᠠᠷ ᠤᠨ ᠪᠠᠶᠢᠴᠠ ᠶᠢᠨ ᠨᠥᠬᠦᠴᠡᠯ ᠢ ᠦᠨᠳᠦᠰᠦᠯᠡᠵᠦ᠂  ᠡᠪᠡᠰᠦ ᠬᠠᠳᠤᠬᠤ ᠳᠠᠭᠠᠨ ᠡᠷᠭᠡᠪᠰᠢ 6 ᠰᠠᠨᠲ᠋ᠢᠮᠧᠲᠷ ᠠᠴᠠ ᠲᠡᠭᠡᠭᠰᠢ ᠶᠤᠵᠤᠭᠤᠷ ᠦᠯᠡᠳᠡᠭᠡᠵᠦ᠂   ᠬᠠᠯᠴᠠᠭᠠᠶᠢᠷᠠᠳᠠᠯ᠎ᠠ ᠬᠠᠳᠤᠬᠤ ᠶᠢ ᠴᠡᠭᠡᠷᠯᠡᠨ᠎ᠡ  ᠃ ᠮᠦᠨᠴᠦ ᠬᠥᠷᠥᠰᠥ ᠰᠢᠷᠣᠢ ᠴᠢᠭᠢᠭ ᠤᠰᠤ ᠶᠢ ᠬᠠᠮᠠᠭᠠᠯᠠᠬᠤ ᠶᠢᠨ ᠲᠥᠯᠥᠭᠡ᠂  ᠬᠠᠮᠤᠭᠤᠷ ᠮᠠᠰᠢᠨ ᠤ ᠪᠠᠨ ᠠᠷᠠᠭ᠎ᠠ ᠶᠢ ᠭᠠᠵᠠᠷ ᠤᠨ ᠭᠠᠳᠠᠷᠭᠤ ᠲᠠᠢ ᠵᠡᠷᠭᠡᠴᠡᠭᠦᠯᠵᠦ ᠬᠠᠮᠤᠨ᠎ᠠ᠂  ᠬᠡᠲᠦᠷᠡᠲᠡᠯ᠎ᠡ ᠬᠠᠮᠤᠬᠤ ᠪᠤᠶᠤ ᠬᠠᠭᠳᠠ ᠡᠪᠡᠰᠦᠨ ᠤ ᠵᠦᠢᠯ ᠬᠠᠮᠤᠬᠤ ᠶᠢ ᠴᠡᠭᠡᠷᠯᠡᠵᠦ᠂  ᠨᠤᠳᠤᠭ ᠪᠡᠯᠴᠢᠭᠡᠷ ᠮᠠᠭᠤᠳᠠᠬᠤ ᠠᠴᠠ ᠵᠠᠶᠢᠯᠠᠰᠬᠢᠬᠤ ᠭᠡᠷᠡᠭᠳᠡᠢ᠃ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠨᠢ 30 % ᠠᠴᠠ ᠳᠣᠷᠣᠭᠰᠢ᠂  ᠡᠪᠡᠰᠦᠨ ᠨᠤᠭᠤᠭᠠᠨ ᠤ ᠳᠤᠮᠳᠠᠴᠢ ᠥᠨᠳᠥᠷ ᠨᠢ 15cm  ᠬᠦᠷᠬᠦ ᠦᠬᠡᠢ᠂ ᠬᠠᠭᠤᠷᠠᠢ ᠡᠪᠡᠰᠦᠨ ᠤ ᠤᠨᠠᠯᠲᠠ ᠨᠢ ᠮᠦ ᠪᠦᠷᠢ ᠶᠢᠨ ᠤᠨᠠᠯᠳᠠ ᠨᠢ 30 ᠺᠢᠯᠣᠭ᠍ᠷᠠᠮ ᠬᠦᠷᠬᠦ ᠦᠬᠡᠢ  ᠬᠠᠳᠤᠯᠠᠩ ᠤᠨ ᠭᠠᠵᠠᠷ  ᠲᠤ  ᠡᠪᠡᠰᠦ ᠬᠠᠳᠤᠬᠤ ᠶᠢ ᠴᠠᠭᠠᠵᠠᠯᠠᠨ᠎ᠠ᠃     ᠭᠤᠷᠪᠠ᠂ ᠤᠬᠠᠭᠤᠯᠭ᠎ᠠ ᠪᠠ ᠬᠠᠮᠢᠶᠠᠷᠤᠯᠳᠠ ᠶᠢᠨ ᠡᠷᠴᠢᠮ ᠢ ᠴᠢᠩᠭᠠᠷᠠᠭᠤᠯᠤᠨ᠎ᠠ᠃  ᠬᠦᠨᠪᠤᠯᠠᠭ ᠰᠤᠮᠤᠨ ᠤ ᠵᠠᠰᠠᠭ ᠤᠨ ᠣᠷᠳᠣᠨ ᠨᠢ ᠤᠬᠠᠭᠤᠯᠭ᠎ᠠ ᠵᠢᠯᠤᠭᠤᠳᠤᠯᠭ᠎ᠠ ᠶᠢᠨ ᠠᠵᠢᠯ ᠢ ᠰᠠᠶᠢᠨ ᠬᠢᠵᠦ᠂   ᠬᠠᠮᠢᠶᠠᠷᠤᠯᠳᠠ ᠶᠢᠨ ᠲᠦᠷᠢᠮ ᠲᠤᠭᠳᠠᠭᠠᠯ ᠢ ᠴᠢᠩᠭ᠎ᠠ ᠭᠡᠷᠡᠭᠵᠢᠬᠦᠯᠦᠨ᠂  ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂  ᠭᠠᠴᠠᠭᠠᠨ ᠤ ︽ᠬᠤᠶᠠᠷ ᠵᠥᠪᠯᠡᠯ︾   ᠤᠨ ᠬᠢᠨ ᠬᠠᠳᠤᠯᠠᠩ ᠤᠨ ᠲᠠᠯᠠᠪᠠᠢ  ᠪᠠᠷ ᠲᠤᠭᠤᠷᠢᠨ ᠡᠳᠦᠷ ᠲᠤᠲᠤᠮ ᠤᠨ ᠪᠠᠶᠢᠴᠠᠭᠠᠯᠲᠠ ᠬᠢᠵᠦ᠂ ᠳᠦᠷᠢᠮ ᠲᠤᠭᠳᠠᠭᠠᠯ ᠠᠴᠠ ᠵᠥᠷᠢᠴᠡᠭᠰᠡᠳ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ  ᠪᠡᠯᠴᠢᠭᠡᠷ ᠰᠡᠷᠬᠦᠬᠡᠬᠦ ᠳᠦᠷᠢᠮ︾ ᠤᠨ ᠭᠤᠴᠢᠨ ᠭᠤᠷᠪᠠᠳᠤᠭᠠᠷ ᠵᠤᠷᠪᠤᠰ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃       ᠳᠥᠷᠪᠡ᠂ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠪᠡᠰᠦ ᠬᠠᠳᠤᠬᠤ ᠬᠤᠭᠤᠴᠠᠭᠠᠨ ᠳᠤ ᠭᠠᠯ ᠤᠨᠲᠠᠷᠠᠭᠠᠬᠤ ᠪᠠᠭᠠᠵᠢ ᠲᠥᠬᠦᠭᠡᠷᠦᠮᠵᠢ ᠪᠡᠯᠡᠳᠬᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ  ᠃ ᠰᠤᠮᠤᠨ ᠤ ᠵᠠᠰᠠᠭ ᠤᠨ  ᠣᠷᠳᠣᠨ ᠪᠠ ᠭᠠᠯ ᠰᠡᠷᠭᠡᠶᠢᠯᠡᠬᠦ ᠰᠠᠯᠠᠭ᠎ᠠ ᠮᠥᠴᠢᠷ   ᠤᠨ ᠬᠢᠨ ᠭᠠᠯ ᠰᠡᠷᠭᠡᠶᠢᠯᠡᠬᠦ ᠲᠤᠬᠠᠢ ᠤᠬᠠᠭᠤᠯᠭ᠎ᠠ ᠪᠠ ᠪᠠᠶᠢᠴᠠᠭᠠᠯᠲᠠ ᠶᠢ ᠴᠢᠩᠭᠠᠳᠬᠠᠨ᠂ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠳᠠᠯᠠᠵᠤ᠂  ᠭᠠᠯ ᠤᠨ ᠠᠶᠤᠯ ᠤᠨ ᠭᠡᠮ ᠰᠤᠭᠤᠭ  ᠢ ᠣᠯᠵᠤ ᠮᠡᠳᠡᠪᠡᠯ ᠳᠠᠷᠤᠢ ᠲᠦᠷᠭᠡᠨ ᠰᠢᠢᠳᠪᠦᠷᠢᠯᠡᠬᠦ ᠶᠢᠨ ᠬᠠᠮᠲᠤ ᠳᠡᠭᠡᠭᠰᠢ ᠮᠡᠳᠡᠭᠦᠯᠵᠦ᠂  ᠬᠠᠳᠤᠯᠠᠩ ᠤᠨ ᠬᠤᠭᠤᠴᠠᠭᠠᠨ ᠳᠤ ᠲᠦᠢᠮᠡᠷ ᠭᠠᠷᠬᠤ ᠦᠭᠡᠢ ᠶᠢ ᠦᠨᠡᠨᠬᠦ ᠪᠠᠲᠤᠯᠠᠬᠤ ᠬᠡᠷᠡᠭᠲᠡᠢ᠃     ᠲᠠᠪᠤ᠂ ᠰᠠᠯᠠᠭ᠎ᠠ ᠮᠥᠴᠢᠷ ᠤᠳ ᠨᠢᠬᠳᠠ ᠬᠠᠮᠵᠢᠯᠴᠠᠭᠰᠠᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠬᠦᠨᠪᠤᠯᠠᠭ ᠰᠤᠮᠤ ᠨᠢ ᠬᠤᠰᠢᠭᠤᠨ ᠤ ᠵᠠᠮ ᠤᠨ ᠴᠠᠭᠳᠠᠭ᠎ᠠ ᠶᠢᠨ ᠶᠡᠭᠡ ᠠᠩᠭᠢ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠵᠤ᠂ ᠭᠤᠣᠯ ᠪᠣᠯᠬᠤ ᠵᠠᠮ ᠱᠤᠭᠤᠮ ᠤᠨ ᠴᠠᠭᠳᠠᠨ ᠪᠠᠶᠢᠴᠠᠭᠠᠯᠲᠠ ᠶᠢ ᠴᠢᠩᠭᠠᠳᠬᠠᠵᠤ᠂ ᠡᠪᠡᠰᠦ ᠪᠤᠷᠳᠤᠭ᠎ᠠ ᠵᠦᠬᠡᠬᠡᠪᠦᠷᠢᠯᠡᠬᠦ ᠲᠡᠷᠭᠡ ᠬᠥᠰᠬᠡ ᠶᠢᠨ ᠬᠠᠮᠢᠶᠠᠷᠤᠯᠲᠠ ᠶᠢ ᠴᠢᠩᠭᠠᠳᠬᠠᠨ᠂ ᠲᠣᠮᠣ ᠬᠡᠯᠪᠡᠷᠢ ᠶᠢᠨ ᠲᠡᠷᠭᠡ ᠬᠥᠰᠬᠡ ᠨᠤᠳᠤᠭ ᠪᠡᠯᠴᠢᠭᠡᠷ ᠢ ᠲᠠᠷᠤᠵᠤ ᠡᠪᠳᠡᠬᠦ᠂ ᠬᠡᠮᠵᠢᠶ᠎ᠡ ᠠᠴᠠ ᠬᠡᠳᠦᠷᠡᠳᠡᠯ᠎ᠡ ᠲᠡᠭᠡᠭᠡᠵᠦ ᠠᠴᠢᠬᠤ᠂ ᠤᠷᠤᠢ ᠪᠦᠷᠦᠢ ᠪᠠᠷ ᠠᠠᠶᠠᠨ ᠬᠦᠭᠡᠭᠡᠬᠦ ᠵᠡᠷᠭᠡ ᠦᠵᠡᠭᠳᠡᠯ ᠢ ᠴᠢᠩᠭ᠎ᠠ ᠴᠠᠭᠠᠵᠠᠯᠠᠬᠤ ᠭᠡᠷᠡᠭᠳᠡᠢ᠃  ᠡᠬᠦᠨ ᠤ ᠬᠠᠮᠳᠤ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂   ᠡᠪᠡᠰᠦ ᠪᠤᠷᠳᠤᠭᠠᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠩᠭ᠎ᠠ ᠡᠵᠡᠮᠳᠡᠬᠦ ᠭᠡᠷᠡᠭᠳᠡᠢ᠃     ᠵᠢᠷᠭᠤᠭ᠎ᠠ᠂ ᠢᠯᠡᠴᠢᠯᠡᠨ ᠮᠡᠳᠡᠭᠦᠯᠬᠦ ᠤᠲᠠᠰᠤ ᠶᠢ ᠨᠡᠪᠳᠡᠷᠡᠬᠦᠯᠦᠨ᠎ᠡ᠃     ᠲᠠᠶᠢᠹᠤᠰᠧ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 0479 ︱ 5222413     ᠬᠦᠨᠪᠤᠯᠠᠭ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5887015            ᠲᠠᠶᠢᠹᠤᠰᠧ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ                   2023 ᠣᠨ ᠤ 8 ᠰᠠᠷ᠎ᠠ ᠶᠢᠨ 10 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号