ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠮᠢ ᠠᠬᠤᠢ ᠶᠢ ᠡᠪᠳᠡᠭᠰᠡᠨ ᠪᠠ ᠠᠮᠢ ᠠᠬᠤᠢ ᠶᠢᠨ ᠵᠠᠰᠠᠯᠲᠠ ᠶᠢ ᠬᠠᠷᠰᠢᠯᠠᠭᠰᠠᠨ ᠵᠡᠷᠭᠡ ᠬᠠᠤᠯᠢ ᠪᠤᠰᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2023/8/15
  ᠶᠡᠷᠦᠩᠬᠡᠢ ᠱᠦᠵᠢ ᠰᠢ ᠶᠢᠨ ᠫᠢᠩ ᠤᠨ ᠡᠨᠡ ᠵᠢᠯ ᠤᠨ 6 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ︽ᠤᠮᠠᠷᠠᠲᠤ ᠶᠢᠨ ᠭᠤᠷᠪᠠᠨ ᠣᠷᠣᠨ︾  ᠤ ᠬᠠᠯᠬᠠᠪᠴᠢ ᠤᠢ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠭᠡᠷᠡᠭᠵᠢᠬᠦᠯᠦᠨ᠂  ᠬᠤᠯᠠᠨ ᠰᠢᠷᠭ᠎ᠠ ᠮᠠᠩᠬᠠᠨ ᠤ ᠡᠯᠡᠰᠦᠷᠬᠡᠭ ᠭᠠᠵᠠᠷ ᠢ ᠠᠷᠢᠯᠭᠠᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠨ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠠᠶᠢᠮᠠᠭ ᠢ ᠲᠣᠭᠤᠷᠢᠨ ᠪᠠᠶᠢᠴᠠᠭᠠᠬᠤ ᠳᠠᠭᠠᠨ ᠬᠠᠷᠢᠭᠤ ᠲᠤᠰᠬᠠᠭᠰᠠᠨ ᠠᠰᠠᠭᠤᠳᠠᠯ ᠢ ᠦᠷ᠎ᠡ ᠪᠦᠳᠦᠮᠵᠢ ᠲᠠᠢ ᠴᠡᠭᠴᠡᠯᠡᠨ ᠰᠠᠶᠢᠵᠢᠷᠠᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠭᠡᠯ ᠤᠯᠭᠤᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠭᠡᠯ ᠤᠯᠭᠤᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠳᠦᠷᠢᠮ︾ ᠵᠡᠷᠭᠡ ᠬᠠᠤᠯᠢ ᠴᠠᠭᠠᠵᠠ ᠲᠦᠷᠢᠮ ᠲᠣᠭᠲᠠᠭᠠᠯ ᠢ ᠦᠨᠳᠦᠰᠦᠯᠡᠨ᠂  ᠡᠳᠦᠬᠡ ᠲᠣᠭᠲᠠᠭᠠᠯ ᠠᠴᠠ ᠵᠦᠷᠢᠴᠡᠵᠦ ᠠᠮᠢ ᠠᠬᠤᠢ ᠶᠢ ᠡᠪᠳᠡᠭᠰᠡᠨ ᠪᠠ ᠠᠮᠢ ᠠᠬᠤᠢ ᠶᠢᠨ ᠵᠠᠰᠠᠯᠲᠠ ᠶᠢ ᠬᠠᠷᠰᠢᠯᠠᠭᠰᠠᠨ ᠵᠡᠷᠭᠡ ᠬᠠᠤᠯᠢ  ᠪᠤᠰᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠮᠡᠳᠡᠭᠳᠡᠪᠠ᠄      ᠨᠢᠭᠡ᠂ ᠳᠣᠣᠷᠠᠬᠢ ᠣᠷᠣᠨ ᠪᠦᠰᠡ ᠳᠤ ᠪᠥᠬᠦ ᠵᠢᠯ ᠢᠶᠠᠷ ᠪᠡᠯᠴᠢᠭᠡᠷᠯᠡᠭᠦᠯᠬᠦ ᠶᠢ ᠴᠠᠭᠠᠵᠠᠯᠠᠨ᠎ᠡ᠄  ᠲᠠᠶᠢᠹᠤᠰᠧ ᠬᠤᠰᠢᠭᠤᠨ ᠤ ᠬᠡᠪᠴᠢᠶᠡᠨ ᠳᠠᠬᠢ ᠪᠣᠶ ᠪᠦᠬᠦᠢ ᠰᠢᠨ᠎ᠡ ᠪᠠᠷ ᠣᠶᠢᠵᠢᠭᠤᠯᠬᠤ ᠭᠠᠵᠠᠷ᠂ ᠭᠤᠣᠯᠳᠠᠯᠭ᠎ᠠ ᠲᠠᠢ ᠠᠮᠢ ᠠᠬᠤᠢ ᠶᠢᠨ ᠲᠥᠷᠥᠯ ᠵᠦᠢᠯ ᠤᠨ ᠤᠷᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠲᠠ ᠶᠢᠨ ᠲᠥᠯᠦᠪᠵᠢᠭᠦᠯᠭᠡ ᠶᠢᠨ ᠤᠷᠤᠨ᠂ ᠠᠵᠤ ᠦᠢᠯᠡᠰ ᠤᠨ ᠤᠷᠤᠨ ᠲᠣᠭᠤᠷᠢᠭ᠃     ᠬᠤᠶᠠᠷ᠂  ᠬᠦᠨᠪᠤᠯᠠᠭ ᠰᠤᠮᠤᠨ ᠤ ᠠᠷᠠᠳ ᠤᠨ ᠵᠠᠰᠠᠭ ᠤᠨ ᠣᠷᠳᠣᠨ ᠨᠢ ᠭᠠᠳᠠᠨ᠎ᠠ  ᠶᠢᠨ ᠮᠠᠯ ᠢ ᠢᠯᠭᠠᠷᠠᠭᠤᠯᠤᠨ ᠴᠡᠪᠡᠷᠯᠡᠬᠦ  ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠤᠰᠬᠠᠢ ᠲᠦᠷᠦᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ   ᠶᠢ ᠵᠣᠬᠢᠶᠠᠨ ᠪᠠᠶᠢᠭᠤᠯᠵᠤ ᠦᠷᠨᠢᠬᠦᠯᠦᠨ᠎ᠡ᠃      ᠭᠤᠷᠪᠠ᠂ ᠡᠯ᠎ᠡ ᠰᠤᠮᠤ ᠰᠢᠶᠠᠩ ᠪᠠᠯᠭᠠᠰᠤ ᠨᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠢ ᠴᠢᠩᠭᠠᠳᠬᠠᠬᠤ ᠶᠢᠨ ᠬᠠᠮᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠠᠮᠢᠶᠠᠷᠴᠤ ᠬᠠᠮᠠᠭᠠᠯᠠᠬᠤ ᠡᠭᠦᠷᠭᠡ ᠶᠢ ᠭᠠᠴᠠᠭ᠎ᠠ ᠲᠣᠰᠬᠤᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠲᠣᠥᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠭᠠᠴᠠᠭ᠎ᠠ ᠲᠣᠰᠬᠤᠨ ᠤ ᠣᠶ ᠰᠢᠭᠤᠢ ᠨᠤᠳᠤᠭ ᠪᠡᠯᠴᠢᠭᠡᠷ ᠤᠨ ᠳᠠᠷᠤᠭ᠎ᠠ᠂ ᠣᠶ ᠰᠢᠭᠤᠢ ᠬᠠᠮᠠᠭᠠᠯᠠᠭᠴᠢ᠂ ᠨᠤᠳᠤᠭ   ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂  ᠬᠠᠮᠢᠶᠠᠷᠤᠯᠳᠠ ᠶᠢᠨ ᠡᠭᠦᠷᠭᠡ ᠶᠢ ᠬᠢᠨᠠᠮᠠᠭᠠᠢ ᠭᠦᠢᠴᠡᠳᠬᠡᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠵᠢᠴᠢ ᠪᠡᠯᠴᠢᠭᠡᠷ ᠰᠡᠷᠬᠦᠬᠡᠬᠦ ᠣᠷᠣᠨ ᠳᠤ ᠪᠡᠯᠴᠢᠭᠡᠷᠯᠡᠬᠦᠯᠦᠨ ᠮᠠᠯᠵᠢᠵᠤ ᠪᠠᠶᠢᠭ᠎ᠠ ᠪᠠ ᠳᠠᠭᠠᠭᠠᠴᠠ ᠠᠴᠠ ᠬᠡᠲᠦᠷᠡᠭᠦᠯᠦᠨ ᠮᠠᠯᠵᠢᠵᠤ ᠪᠠᠶᠢᠭ᠎ᠠ ᠪᠠᠶᠢᠳᠠᠯ ᠢ ᠴᠠᠭ ᠲᠤᠬᠠᠢ ᠳᠤᠨᠢ ᠵᠠᠰᠠᠵᠤ ᠵᠠᠯᠠᠷᠠᠭᠠᠤᠯᠬᠤ ᠶᠢᠨ ᠬᠠᠮᠳᠤ ᠳᠡᠭᠡᠭᠰᠢ ᠮᠡᠳᠡᠬᠦᠯᠬᠦ ᠭᠡᠷᠡᠭᠳᠡᠢ᠃ ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠴᠠᠭ ᠲᠤᠬᠠᠢ  ᠳᠤᠨᠢ ᠮᠦᠷᠳᠡᠨ ᠪᠠᠶᠢᠴᠠᠭᠠᠵᠤ᠂ ᠬᠠᠤᠯᠢ ᠲᠦᠷᠢᠮ ᠤᠨ ᠲᠠᠭᠠᠤ ᠴᠢᠩᠭ᠎ᠠ ᠰᠢᠢᠳᠪᠦᠷᠢᠯᠡᠬᠦ ᠬᠡᠷᠡᠭᠲᠡᠢ᠃    ᠳᠥᠷᠪᠡ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤ ᠯᠤᠭ᠎ᠠ ᠪᠥᠬᠦ ᠬᠦᠴᠦᠨ ᠢᠶᠠᠷ ᠬᠠᠮᠵᠢᠯᠴᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ  ᠤᠨ ᠲᠡᠩᠴᠡᠭᠦᠷᠢ ᠶᠢᠨ ᠪᠠᠳᠤᠯᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠠᠵᠢᠯᠳᠠᠨ ᠢ ᠬᠠᠷᠢᠶᠠᠵᠤ ᠴᠤᠬᠢᠬᠤ᠂  ᠠᠶᠤᠯᠭᠠᠵᠤ ᠰᠦᠷᠳᠡᠭᠦᠯᠬᠦ᠂  ᠦᠰᠢᠵᠦ ᠬᠠᠷᠰᠢᠯᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠬᠡᠬᠦ ᠬᠡᠷᠡᠭᠲᠡᠢ᠃ ᠠᠷᠠᠳ ᠤᠨ ᠰᠢᠭᠦᠬᠦ ᠬᠤᠷᠢᠶ᠎ᠠ ᠨᠢ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ  ᠂  ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠤᠮᠳᠠᠬᠢ ᠬᠠᠤᠯᠢ ᠲᠦᠷᠢᠮ ᠵᠥᠷᠢᠴᠡᠭᠰᠡᠨ ᠬᠡᠷᠡᠭ ᠢ ᠲᠦᠷᠭᠡᠨ ᠰᠢᠭᠦᠵᠦ ᠲᠦᠷᠭᠡᠨ ᠳᠠᠭᠤᠰᠬᠠᠬᠤ ᠬᠡᠷᠡᠭᠲᠡᠢ᠃     ᠲᠠᠪᠤ᠂  ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠪᠡᠯᠴᠢᠭᠡᠷᠯᠡᠭᠦᠯᠬᠦ ᠶᠢ ᠴᠠᠭᠠᠵᠠᠯᠠᠬᠤ ᠲᠡᠮᠳᠡᠭ ᠢᠯᠡᠷᠭᠡᠶᠢᠯᠡᠯ᠂  ᠲᠣᠣᠷ ᠬᠦᠷᠢᠶ᠎ᠡ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶ᠎ᠠ ᠪᠦᠬᠦᠢ ᠲᠦᠬᠦᠭᠡᠷᠦᠮᠵᠢ ᠶᠢ ᠡᠪᠳᠡᠭᠰᠡᠨ ᠪᠤᠶᠤ ᠳᠤᠷ᠎ᠠ ᠪᠠᠷ ᠢᠶᠠᠨ ᠰᠢᠯᠵᠢᠭᠦᠯᠦᠭᠰᠡᠨ ᠬᠠᠤᠯᠢ ᠪᠤᠰᠤ ᠦᠶᠯᠡ ᠠᠵᠢᠯᠯᠠᠭ᠎ᠠ ᠶᠢ ᠳᠠᠷᠤᠢ ᠲᠦᠷᠭᠡᠨ ᠵᠠᠷᠯᠢᠭᠳᠠᠨ ᠵᠤᠭᠰᠤᠭᠠᠬᠤ ᠶᠢᠨ ᠬᠠᠮᠳᠤ ᠬᠤᠭᠤᠴᠠᠭ᠎ᠠ ᠲᠤᠭᠳᠠᠭᠠᠵᠤ ᠤᠤᠯ ᠬᠡᠪ ᠢᠶᠠᠷ ᠨᠢ   ᠰᠡᠷᠬᠦᠭᠡᠯᠭᠡᠬᠦ ᠭᠡᠷᠡᠭᠳᠡᠢ᠃  ᠲᠤᠭᠳᠠᠭᠰᠠᠨ ᠬᠤᠭᠤᠴᠠᠭᠠᠨ ᠳᠤ ᠵᠠᠰᠠᠵᠤ ᠰᠡᠷᠭᠦᠭᠡᠭᠰᠡᠨ ᠦᠭᠡᠢ ᠪᠤᠯ᠂ ᠡᠪᠳᠡᠭᠳᠡᠭᠰᠡᠨ ᠲᠥᠬᠦᠭᠡᠷᠦᠮᠵᠢ ᠶᠢᠨ ᠤᠤᠯ ᠤᠨ ᠦᠷᠳᠡᠭ ᠤᠨ ᠬᠢᠨᠢ 1 ᠲᠠᠬᠢᠨ ᠠᠴᠠ ᠳᠡᠭᠡᠭᠰᠢ 5 ᠲᠠᠬᠢᠨ ᠠᠴᠠ ᠲᠤᠷᠤᠭᠰᠢ ᠵᠣᠭᠤᠰ ᠢᠶᠠᠷ ᠲᠤᠷᠭᠠᠵᠤ ᠰᠢᠳᠬᠡᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠬᠦᠭᠡᠷᠦᠮᠵᠢ ᠶᠢ ᠡᠪᠳᠡᠭᠡᠳ ᠲᠥᠷᠥᠯ ᠵᠦᠢᠯ ᠤᠨ ᠣᠷᠣᠨ ᠤ ᠠᠮᠢ ᠠᠬᠤᠢ ᠶᠢ ᠬᠦᠨᠳᠦ ᠨᠣᠴᠢᠲᠠᠢ ᠬᠤᠬᠢᠷᠠᠭᠤᠯᠤᠭᠰᠠᠨ ᠪᠤᠯ᠂ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠨᠢ ᠲᠤᠰᠬᠠᠢ ᠮᠡᠷᠭᠡᠵᠢᠯ ᠤᠨ ᠬᠢᠨᠠᠨ ᠲᠣᠭᠲᠠᠭᠠᠬᠤ ᠪᠠᠶᠢᠭᠤᠯᠤᠮᠵᠢ ᠶᠢ ᠤᠷᠢᠵᠤ ᠬᠤᠬᠢᠷᠠᠯ ᠢ ᠬᠢᠨᠠᠨ ᠲᠣᠭᠲᠠᠭᠠᠯᠭᠠᠵᠤ᠂ ᠬᠢᠨᠠᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ ᠵᠣᠬᠢᠬᠤ ᠵᠠᠰᠠᠭ ᠵᠠᠬᠢᠷᠭᠠᠨ ᠤ ᠰᠢᠳᠬᠡᠯ ᠤᠯᠭᠤᠵᠤ᠂  ᠶᠠᠯᠠᠳᠤ ᠠᠵᠢᠯᠯᠠᠭ᠎ᠠ ᠪᠤᠯᠤᠭᠰᠠᠨ ᠪᠠᠶᠢᠪᠠᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠵᠢᠷᠭᠤᠭ᠎ᠠ᠂ ᠢᠳᠬᠠᠨ ᠬᠤᠷᠢᠭᠯᠠᠬᠤ ᠶᠢ ᠰᠣᠨᠣᠰᠬᠤ ᠦᠬᠡᠢ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠮᠠᠯ ᠬᠠᠷᠢᠭᠤᠯᠬᠤ ᠪᠤᠶᠤ ᠬᠤᠯᠠᠭᠠᠢ ᠪᠠᠷ ᠪᠡᠯᠴᠢᠭᠡᠬᠦ ᠦᠶᠯᠡ ᠠᠵᠢᠯᠯᠠᠭ᠎ᠠ ᠶᠢ  ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠮᠢᠶ᠎ᠠ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ ᠢ ᠦᠨᠳᠦᠰᠦᠯᠡᠨ ᠰᠢᠳᠭᠡᠵᠦ ᠲᠣᠷᠭᠠᠨ᠎ᠠ᠃  ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢ ᠬᠦᠯᠢᠶᠡᠬᠦ ᠦᠬᠡᠢ ᠪᠤᠯ  ᠬᠠᠤᠯᠢ ᠶᠣᠰᠣᠭᠠᠷ ᠠᠯᠪᠠᠳᠠᠯᠭ᠎ᠠ ᠪᠠᠷ ᠮᠠᠯ ᠢ ᠨᠢ ᠲᠦᠷ ᠬᠤᠷᠢᠶᠠᠨ ᠠᠪᠴᠤ ᠪᠣᠯᠣᠨ᠎ᠠ᠃ ᠲᠣᠭᠲᠠᠭᠰᠠᠨ ᠬᠤᠭᠤᠴᠠᠭᠠᠨ ᠳᠤ ᠲᠣᠷᠭᠠᠭᠤᠯᠢ ᠶᠢᠨ ᠵᠣᠭᠤᠰ ᠢᠶᠠᠨ ᠲᠤᠰᠢᠶᠠᠬᠤ ᠶᠢ ᠲᠡᠪᠴᠢᠪᠡᠯ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠤᠯᠢ ᠶᠣᠰᠣᠭᠠᠷ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠯᠭ᠎ᠠ ᠪᠠᠷ ᠬᠡᠷᠡᠭᠵᠢᠭᠦᠯᠬᠦ  ᠶᠢ ᠭᠤᠶᠤᠴᠢᠯᠠᠵᠤ᠂ ᠴᠢᠬᠤᠯᠠ ᠲᠠᠢ ᠦᠶ᠎ᠡ ᠳᠤ ᠪᠠᠶᠢᠳᠠᠯ ᠢ  ᠦᠨᠳᠦᠰᠦᠯᠡᠵᠦ ᠪᠠᠶᠢᠭᠠᠳ ᠬᠤᠷᠢᠶᠠᠵᠤ ᠠᠪᠤᠭᠰᠠᠨ ᠮᠠᠯ ᠬᠥᠷᠥᠩᠭᠡ ᠶᠢ ᠰᠢᠢᠳᠪᠦᠷᠢᠯᠡᠨ᠂ ᠵᠠᠰᠠᠭ ᠵᠠᠬᠢᠷᠭᠠᠨ ᠤ ᠲᠣᠷᠭᠠᠭᠤᠯᠢ ᠶᠢᠨ ᠵᠣᠭᠤᠰ ᠪᠠ ᠡᠭᠦᠨ ᠠᠴᠠ ᠪᠣᠯᠤᠭᠰᠠᠨ ᠬᠠᠮᠢᠶ᠎ᠠ ᠪᠦᠬᠦᠢ ᠵᠠᠷᠤᠳᠠᠯ ᠢ ᠰᠠᠭᠤᠯᠭᠠᠨ ᠠᠪᠴᠤ ᠪᠣᠯᠣᠨ᠎ᠠ ᠃  ᠮᠠᠯ ᠬᠥᠷᠥᠩᠭᠡ ᠶᠢ  ᠬᠤᠷᠢᠶᠠᠵᠤ  ᠬᠤᠷᠢᠬᠤ ᠬᠤᠭᠤᠴᠠᠭᠠᠨ ᠳᠤ  ᠦᠬᠦᠯ ᠬᠤᠬᠢᠷᠠᠯ ᠭᠠᠷᠪᠠᠯ ᠲᠤᠬᠠᠢ ᠶᠢᠨ ᠬᠥᠮᠥᠨ ᠨᠢ ᠦᠪᠡᠷᠳᠡᠭᠡᠨ ᠡᠭᠦᠷᠭᠡᠯᠡᠨ᠎ᠡ᠃     ᠲᠤᠯᠤᠭ᠎ᠠ᠂ ᠤᠢ ᠰᠢᠭᠤᠢ ᠨᠤᠳᠤᠭ ᠪᠡᠯᠴᠢᠭᠡᠷ᢭ ᠤᠨ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠳᠤ ᠢᠳᠡᠪᠬᠢᠲᠡᠢ ᠪᠠᠷ ᠬᠠᠮᠵᠢᠯᠴᠠᠨ ᠠᠮᠢ ᠠᠬᠤᠢ ᠶᠢᠨ ᠪᠠᠶᠢᠭᠤᠯᠤᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢ ᠥᠷᠨᠢᠭᠦᠯᠬᠦ ᠪᠣᠯ ᠠᠷᠠᠳ ᠢᠷᠭᠡᠳ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ ᠪᠣᠯᠣᠨ᠎ᠠ᠃ ᠠᠮᠢ ᠠᠬᠤᠢ ᠶᠢᠨ ᠪᠠᠶᠢᠭᠤᠯᠤᠯᠲᠠ ᠶᠢᠨ ᠠᠵᠢᠯ ᠢ ᠵᠣᠷᠢᠭᠤᠳᠠ ᠬᠠᠷᠰᠢᠯᠠᠵᠤ᠂  ᠢᠳᠬᠠᠵᠤ ᠰᠠᠨᠠᠭᠤᠯᠬᠤ ᠶᠢ ᠰᠣᠨᠣᠰᠬᠤ  ᠦᠬᠡᠢ ᠪᠤᠯ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠠᠴᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠲᠤᠷᠠᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ  ᠰᠢᠳᠭᠡᠯ ᠤᠯᠭᠤᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ  ᠰᠢᠢᠳᠪᠦᠷᠢᠯᠡᠵᠦ᠂  ᠶᠠᠯᠠᠳᠤ ᠠᠵᠢᠯᠯᠠᠭ᠎ᠠ ᠪᠤᠯᠤᠭᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠨᠠᠢᠮᠠ᠂  ᠬᠠᠤᠯᠢ ᠪᠤᠰᠤ ᠠᠵᠢᠯᠯᠠᠭ᠎ᠠ ᠳᠤ ᠲᠦᠷᠦᠭᠦᠯᠡᠨ ᠣᠷᠣᠯᠴᠠᠬᠤ ᠪᠤᠶᠤ ᠪᠤᠰᠤᠳ ᠢ ᠵᠢᠭᠠᠨ ᠳᠣᠬᠢᠵᠤ ᠪᠠᠶᠢᠭᠠᠳ ᠳᠡᠭᠡᠷ᠎ᠡ ᠳᠤᠷᠠᠳᠤᠭᠰᠠᠨ ᠲᠦᠷᠢᠮ ᠲᠣᠭᠲᠠᠭᠠᠯ ᠠᠴᠠ ᠵᠥᠷᠢᠴᠡᠭᠦᠯᠦᠭᠰᠡᠨ ᠭᠠᠴᠠᠭ᠎ᠠ ᠲᠣᠰᠬᠤᠨ ᠤ ᠺᠠᠳ᠋ᠷ ᠲᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ  ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠠᠴᠠ ᠪᠠᠶᠢᠴᠠᠭᠠᠯᠲᠠ ᠬᠢᠵᠦ᠂ ᠪᠠᠶᠢᠴᠠᠭᠠᠨ ᠲᠣᠳᠣᠯᠠᠭᠠᠳ ᠦᠨᠡᠨ ᠪᠣᠳᠠᠲᠠᠢ ᠪᠤᠯ ᠰᠠᠬᠢᠯᠭ᠎ᠠ ᠪᠠᠲᠤ ᠳᠦᠷᠢᠮ ᠲᠣᠭᠲᠠᠭᠠᠯ ᠶᠣᠰᠣᠭᠠᠷ ᠰᠠᠬᠢᠯᠭ᠎ᠠ ᠪᠠᠲᠤ ᠶᠢᠨ ᠰᠢᠳᠬᠡᠯ ᠥᠭᠴᠦ᠂  ᠶᠠᠯᠠᠳᠤ ᠠᠵᠢᠯᠯᠠᠭ᠎ᠠ ᠪᠤᠯᠤᠭᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠶᠢᠰᠦ᠂ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠠᠯᠪᠠᠨ ᠪᠠᠶᠢᠭᠤᠯᠭ᠎ᠠ ᠶᠢᠨ ᠠᠵᠢᠯᠲᠠᠨ ᠮᠠᠯ ᠪᠡᠯᠴᠢᠭᠡᠷ  ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠤᠯ᠂  ᠭᠤᠤᠯ ᠬᠠᠷᠢᠭᠤᠴᠠᠯᠭᠠᠳᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠤᠯᠭᠤᠨ᠎ᠠ  ᠃      ᠠᠷᠪᠠ᠂ ᠨᠡᠶᠢᠭᠡᠮ ᠨᠡᠶᠢᠲᠡ ᠶᠢᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ ᠂ ᠣᠯᠠᠨ ᠲᠦᠮᠡᠨ ᠢ ᠵᠣᠷᠢᠭᠵᠢᠭᠤᠯᠵᠤ ᠪᠠᠶᠢᠭᠠᠳ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ᠂ ᠠᠮᠢ ᠠᠬᠤᠢ ᠶᠢᠨ ᠰᠡᠷᠭᠦᠭᠡᠯᠲᠡ ᠶᠢ  ᠬᠠᠷᠰᠢᠯᠠᠭᠰᠠᠨ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠮᠠᠯ ᠣᠨᠤᠭ᠎ᠠ  ᠪᠠᠨ ᠬᠤᠯᠠᠭᠠᠢ ᠪᠠᠷ ᠪᠡᠯᠴᠢᠭᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠠᠵᠢᠯ ᠢ ᠬᠢᠨ᠎ᠡ᠂ ᠪᠠᠶᠢᠴᠠᠭᠠᠨ ᠲᠤᠳᠤᠯᠠᠭᠠᠳ ᠪᠠᠶᠢᠳᠠᠯ ᠨᠢ ᠦᠨᠡᠨ ᠪᠤᠳᠠᠳᠠᠢ ᠪᠤᠯ ᠢᠯᠡᠴᠢᠯᠡᠨ ᠮᠡᠳᠡᠬᠦᠯᠦᠭᠰᠡᠨ ᠬᠦᠮᠦᠨ ᠳᠤ ᠵᠣᠬᠢᠬᠤ ᠠᠵᠤ ᠠᠬᠤᠢ ᠶᠢᠨ ᠱᠠᠩᠨᠠᠯ ᠣᠯᠭᠤᠨ᠎ᠠ᠃       ᠠᠷᠪᠠᠨ ᠨᠢᠭᠡ᠂ ᠬᠢᠨᠠᠯᠲᠠ ᠲᠠᠯᠪᠢᠬᠤ ᠨᠢᠬᠡᠴᠡ ᠪᠠ ᠢᠯᠡᠴᠢᠯᠡᠨ ᠮᠡᠳᠡᠭᠦᠯᠬᠦ ᠤᠲᠠᠰᠤ᠄       ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 0479 ︱ 5227110       ᠲᠠᠶᠢᠹᠤᠰᠧ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠄ 0479 ︱ 5238174       ᠬᠦᠨᠪᠤᠯᠠᠭ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5887015       ᠪᠤᠤᠴᠠᠩ  ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5222227       ᠴᠢᠶᠠᠨ ᠶᠢᠨ ᠭᠧᠦ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠄ 0479 ︱ 2265514       ᠬᠤᠩ ᠴᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5823064       ᠯᠦᠸᠧ ᠲᠦᠸᠧ ᠱᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5855017       ᠶᠦᠩ ᠹᠧᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 2265017       ᠰᠢᠩ ᠹᠦ᠋ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5899968
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号