ᠠᠯᠪᠠᠨ ᠵᠢᠷᠤᠮ ᠤᠨ ᠡᠮᠴᠢᠯᠡᠭᠡ ᠬᠢᠵᠦ ︽ᠡᠮᠴᠢ ᠶᠢᠨ ᠪᠠᠶᠠᠷ︾  ᠢᠶᠠᠨ ᠪᠡᠯᠭᠡᠯᠡᠪᠡ
ᠨᠡᠶᠢᠲᠡᠯᠡᠭᠰᠡᠨ ᠴᠠᠭ᠄
2023/8/17
    ᠡᠷᠡᠭᠦᠯ ᠬᠠᠮᠠᠭᠠᠯᠠᠯ   ᠤᠨ ᠠᠵᠢᠯᠳᠠᠨ ᠤ ᠡᠷᠬᠢᠮ ᠳᠡᠭᠡᠳᠦ ᠵᠣᠷᠢᠭ ᠰᠠᠨᠠᠭ᠎ᠠ ᠶᠢ  ᠶᠡᠬᠡᠪᠡᠷ  ᠪᠠᠳᠠᠷᠠᠭᠤᠯᠵᠤ᠂ ᠡᠮᠴᠢ ᠶᠢᠨ ᠡᠩᠨᠡᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠬᠠᠷᠠᠭᠤᠯᠬᠤ ᠶᠢᠨ ᠲᠦᠯᠦᠭᠡ᠂  8 ᠰᠠᠷ᠎ᠠ ᠶᠢᠨ 14 ᠤ ᠡᠳᠦᠷ ᠵᠢᠷᠭᠤᠭᠠᠳᠠᠬᠢ ︽ᠳᠤᠮᠳᠠᠳᠤ ᠤᠯᠤᠰ ᠤᠨ ᠡᠮᠴᠢ ᠶᠢᠨ ᠪᠠᠶᠠᠷ︾ ᠬᠦᠷᠴᠦ ᠢᠷᠡᠬᠦ ᠲᠠᠰᠢᠷᠠᠮ ᠢᠶᠠᠷ᠂  ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠢᠨ ᠯᠦᠸᠧ ᠲᠦᠸᠧ ᠱᠠᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠨᠵᠡᠬᠡᠶᠢᠷᠡᠵᠦ᠂ ᠲᠣᠮᠣ ᠬᠡᠯᠪᠡᠷᠢ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠬᠦᠯᠦᠭᠡᠳ᠂ ︽ᠳᠤᠮᠳᠠᠳᠤ ᠤᠯᠤᠰ ᠤᠨ ᠡᠮᠴᠢ ᠶᠢᠨ ᠪᠠᠶᠠᠷ︾   ᠢᠶᠠᠨ ᠤᠳᠬ᠎ᠠ  ᠠᠭᠤᠯᠭ᠎ᠠ ᠲᠠᠢ  ᠪᠠᠷ ᠲᠤᠷᠠᠰᠬᠠᠨ  ᠲᠡᠮᠳᠡᠭᠯᠡᠪᠡ᠃  ᠡᠨᠡ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ ᠨᠡᠶᠢᠰᠯᠡᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠪᠤᠯᠬᠤ ᠲᠢᠶᠠᠨ ᠲᠠᠨ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠳᠣᠲᠣᠷ ᠰᠠᠯᠠᠭᠠᠨ ᠤ ᠲᠤᠰᠬᠠᠢ ᠮᠡᠷᠭᠡᠵᠢᠯᠲᠡᠨ ᠦ᠋ ᠳ᠋ᠢ᠂ ᠬᠥᠩᠭᠡᠵᠢᠭᠦᠯᠬᠦ ᠰᠠᠯᠠᠭᠠᠨ ᠤ ᠲᠤᠰᠬᠠᠢ ᠮᠡᠷᠭᠡᠵᠢᠯᠲᠡᠨ ᠯᠢ ᠵᠢᠩ᠂ ᠰᠠᠴᠤᠷᠠᠭ ᠤᠨ ᠰᠠᠯᠠᠭᠠᠨ ᠤ ᠲᠤᠰᠬᠠᠢ ᠮᠡᠷᠭᠡᠵᠢᠯᠲᠡᠨ ᠺᠧ ᠳ᠋ᠧ ᠨᠠ  ᠂ ᠴᠠᠩᠫᠢᠩ ᠲᠤᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭᠠᠨ ᠤ ᠲᠤᠰᠬᠠᠢ ᠮᠡᠷᠭᠡᠵᠢᠯᠲᠡᠨ ᠶᠢᠨ ᠰᠢᠶᠣᠣ ᠰᠢᠶᠠ᠂ ᠪᠤᠭᠤᠲᠤ ᠶᠢᠨ ᠪᠤᠤ ᠭᠠᠩ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠰᠠᠯᠠᠭᠠᠨ ᠤ ᠲᠤᠰᠬᠠᠢ ᠮᠡᠷᠭᠡᠵᠢᠯᠲᠡᠨ ᠵᠠᠩ ᠰᠢᠶᠣᠣ ᠬᠤᠩ ᠵᠢᠴᠢ ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ  ᠬᠠᠮᠢᠶ᠎ᠠ ᠪᠦᠬᠦᠢ ᠰᠠᠯᠠᠭ᠎ᠠ ᠲᠠᠰᠤᠭ ᠤᠨ ᠭᠤᠣᠯᠯᠠᠭᠴᠢ ᠡᠮᠴᠢ ᠨᠠᠷ ᠤᠷᠤᠯᠴᠠᠭᠰᠠᠨ ᠪᠠᠶᠢᠯ᠎ᠠ᠃ ᠡᠮᠨᠡᠯᠬᠡ  ᠶᠢᠨ ᠠᠵᠢᠯᠳᠠᠳ ᠠᠴᠠ ᠲᠤᠬᠠᠢ ᠭᠠᠵᠠᠷ ᠤᠨ 80  ᠭᠠᠷᠤᠢ ᠲᠠᠷᠢᠶᠠᠴᠢᠨ ᠠᠷᠠᠳ ᠲᠤ ᠠᠯᠪᠠᠨ ᠵᠢᠷᠤᠮ ᠤᠨ ᠡᠮᠴᠢᠯᠡᠭᠡ ᠬᠢᠭᠰᠡᠨ ᠤ ᠬᠠᠮᠳᠤ᠂ ᠡᠷᠡᠭᠦᠯ ᠮᠡᠨᠳᠦ ᠶᠢᠨ ᠤᠬᠠᠭᠤᠯᠭ᠎ᠠ ᠶᠢᠨ ᠮᠠᠲ᠋ᠧᠷᠢᠶᠠᠯ ᠢ 60 ᠭᠠᠷᠤᠢ ᠲᠡᠪᠳᠡᠷ ᠲᠠᠷᠬᠠᠭᠠᠭᠠᠳ᠂ ᠡᠮ ᠡᠮᠨᠡᠯᠭᠡ ᠪᠠ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠤ᠂ ᠣᠯᠠᠨ ᠲᠦᠮᠡᠨ ᠳᠤ ᠬᠠᠯᠠᠭᠤᠨ ᠰᠡᠳᠬᠢᠯ ᠢᠶᠠᠷ  ᠦᠢᠯᠡᠴᠢᠯᠡᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠬᠦᠯᠵᠦ᠂ ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠠᠷᠠᠳ ᠲᠦᠮᠡᠨ ᠳᠤ ᠦᠢᠯᠡᠴᠢᠯᠡᠬᠦ  ᠪᠣᠳᠠᠲᠠᠢ ᠶᠢ ᠡᠷᠬᠢᠮᠯᠡᠬᠦ ᠳᠦᠷᠢ ᠲᠥᠷᠬᠦ ᠶᠢ  ᠢᠯᠡᠷᠡᠬᠦᠯᠦᠨ᠂ ᠠᠷᠠᠳ ᠣᠯᠠᠨ ᠤ ᠰᠠᠶᠢᠨ ᠦᠨᠡᠯᠡᠯᠲᠡ ᠶᠢ ᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号