ᠬᠤᠩ ᠴᠢ ᠪᠠᠯᠭᠠᠰᠤ ᠭᠠᠵᠢᠭᠤ ᠨᠣᠮᠯᠠᠯ ᠢ ᠡᠰᠡᠷᠭᠦᠴᠡᠬᠦ ᠰᠠᠶᠢᠨ ᠳᠤᠷ᠎ᠠ ᠶᠢᠨ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/21
  ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ   ᠢ ᠡᠰᠡᠷᠭᠦᠴᠡᠬᠦ᠂ ᠨᠡᠶᠢᠭᠡᠮ   ᠢ ᠡᠰᠡᠷᠭᠦᠴᠡᠬᠦ᠂ ᠬᠥᠮᠥᠨ ᠲᠥᠷᠥᠯᠬᠢᠲᠡᠨ   ᠢ ᠡᠰᠡᠷᠭᠦᠴᠡᠬᠦ ᠮᠥᠨ ᠴᠢᠨᠠᠷ   ᠢ ᠭᠦᠨᠵᠡᠭᠡᠢ ᠢᠯᠡᠴᠢᠯᠡᠵᠦ᠂  ᠥᠷᠭᠡᠨ ᠣᠯᠠᠨ ᠰᠠᠭᠤᠭᠠᠯᠢ ᠠᠷᠠᠳ ᠤᠨ ᠭᠠᠵᠢᠭᠤ ᠨᠣᠮᠯᠠᠯ   ᠢ ᠰᠡᠷᠭᠡᠶᠢᠯᠡᠬᠦ ᠪᠠ ᠭᠠᠵᠢᠭᠤ ᠨᠣᠮᠯᠠᠯ   ᠢ ᠡᠰᠡᠷᠭᠦᠴᠡᠬᠦ ᠴᠢᠳᠠᠪᠤᠷᠢ   ᠶᠢ ᠲᠠᠰᠤᠷᠠᠯᠲᠠ ᠦᠭᠡᠢ ᠳᠡᠭᠡᠭᠰᠢᠯᠡᠭᠦᠯᠬᠦ   ᠶᠢᠨ ᠲᠥᠯᠥᠭᠡ᠂ 8 ᠰᠠᠷ᠎ᠠ   ᠶᠢᠨ 18 ᠤ ᠡᠳᠦᠷ ᠬᠤᠩ ᠴᠢ ᠪᠠᠯᠭᠠᠰᠤᠨ ᠤ  ᠭᠠᠵᠢᠭᠤ ᠨᠣᠮᠯᠠᠯ   ᠢ ᠡᠰᠡᠷᠭᠦᠴᠡᠬᠦ ᠰᠠᠶᠢᠨ ᠳᠤᠷ᠎ᠠ   ᠶᠢᠨ ᠦᠢᠯᠡᠴᠢᠯᠡᠭᠴᠢᠳ᠂  ᠬᠤᠩ ᠴᠢ ᠲᠤᠰᠬᠤᠨ ᠤ ᠠᠷᠠᠳ ᠤᠨ ᠵᠥᠪᠯᠡᠯ ᠤᠨ ᠬᠢᠨ ᠭᠠᠵᠢᠭᠤ ᠨᠣᠮᠯᠠᠯ ᠢ ᠡᠰᠡᠷᠭᠦᠴᠡᠬᠦ ᠰᠠᠶᠢᠨ ᠳᠤᠷ᠎ᠠ   ᠶᠢᠨ ᠤᠬᠠᠭᠤᠯᠭ᠎ᠠ  ᠶᠢᠨ ᠠᠵᠢᠯᠯᠠᠭ᠎ᠠ ᠥᠷᠨᠢᠭᠦᠯᠪᠡ᠃ ᠡᠨᠡ ᠤᠳᠠᠭᠠᠨ ᠤ ᠠᠵᠢᠯᠯᠠᠭ᠎ᠠ ᠳᠤ ᠰᠠᠶᠢᠨ ᠳᠤᠷ᠎ᠠ ᠶᠢᠨ ᠦᠢᠯᠡᠴᠢᠯᠡᠭᠴᠢ ᠠᠴᠠ ︽ᠭᠠᠵᠢᠭᠤ ᠨᠣᠮᠯᠠᠯ ᠭᠡᠭᠴᠢ ᠶᠠᠭᠤ ᠪᠣᠯᠬᠤ  ᠂ ᠭᠠᠵᠢᠭᠤ ᠨᠣᠮᠯᠠᠯ   ᠤᠨ ᠬᠥᠮᠥᠨ ᠮᠡᠬᠡᠯᠡᠬᠦ ᠠᠷᠭ᠎ᠠ᠂ ᠭᠠᠵᠢᠭᠤ ᠨᠣᠮᠯᠠᠯ ᠤᠨ ᠦᠨᠳᠦᠰᠦᠨ ᠣᠨᠴᠠᠯᠢᠭ᠂ ᠭᠠᠵᠢᠭᠤ ᠨᠣᠮᠯᠠᠯ ᠢ ᠬᠡᠷᠬᠢᠨ ᠡᠰᠡᠷᠭᠦᠴᠡᠬᠦ ᠪᠠ ᠬᠤᠷᠢᠭᠯᠠᠬᠤ︾ ᠵᠡᠷᠭᠡ ᠠᠰᠠᠭᠤᠳᠠᠯ ᠤᠨ ᠲᠤᠭᠤᠷᠢᠨ ᠳᠤ ᠤᠬᠠᠭᠤᠯᠭ᠎ᠠ ᠲᠠᠶᠢᠯᠤᠮᠵᠢ ᠬᠢᠵᠦ᠂ ᠣᠯᠠᠨ ᠲᠦᠮᠡᠨ ᠳᠤ ᠭᠠᠵᠢᠭᠤ ᠨᠣᠮᠯᠠᠯ ᠪᠠ ᠮᠤᠬᠤᠷ ᠪᠢᠰᠢᠷᠡᠯ ᠤᠨ ᠮᠥᠨ ᠴᠢᠨᠠᠷ ᠵᠢᠴᠢ ᠬᠤᠣᠷ ᠬᠥᠨᠥᠭᠡᠯᠳᠦ ᠴᠢᠨᠠᠷ ᠢ ᠲᠠᠨᠢᠭᠤᠯᠤᠨ᠂ ᠤᠯᠠᠨ ᠲᠦᠮᠡᠨ ᠢ ᠵᠢᠯᠤᠭᠤᠳᠴᠤ ᠪᠠᠶᠢᠭᠠᠳ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠢ ᠨᠢ ᠴᠢᠩᠭᠠᠷᠠᠭᠤᠯᠵᠤ᠂ ᠭᠠᠵᠢᠭᠤ ᠨᠣᠮᠯᠠᠯ ᠤᠨ ᠥᠳᠥᠭᠡᠯᠭᠡ ᠠᠴᠠ ᠵᠠᠶᠢᠳᠠᠭᠤᠯᠤᠨ᠂ ᠭᠠᠵᠢᠭᠤ ᠨᠣᠮᠯᠠᠯ ᠢ ᠢᠯᠭᠠᠨ ᠲᠠᠨᠢᠬᠤ ᠪᠠ ᠰᠡᠷᠭᠡᠶᠢᠯᠡᠨ ᠬᠤᠷᠢᠭᠯᠠᠬᠤ ᠤᠬᠠᠮᠰᠠᠷ ᠴᠢᠳᠠᠪᠤᠷᠢ ᠶᠢ ᠨᠢ ᠲᠡᠭᠡᠭᠰᠢᠯᠡᠬᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠩ ᠴᠢ ᠪᠠᠯᠭᠠᠰᠤ ᠨᠢ︽ᠭᠠᠵᠢᠭᠤ ᠨᠣᠮᠯᠠᠯ ᠢ ᠡᠰᠡᠷᠭᠦᠴᠡᠬᠦ︾ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠵᠦ᠂ ᠭᠠᠵᠢᠭᠤ ᠨᠣᠮᠯᠠᠯ   ᠢ ᠡᠰᠡᠷᠭᠦᠴᠡᠬᠦ ᠠᠵᠢᠯ   ᠢ ᠡᠳᠦᠷ ᠲᠤᠲᠤᠮ ᠤᠨ ᠠᠵᠢᠯ ᠤᠨ ᠲᠤᠮᠳᠠ ᠠᠭᠤᠰᠬᠠᠨ ᠂  ᠡᠯ᠎ᠡ ᠲᠥᠷᠥᠯ ᠤᠨ ᠤᠬᠠᠭᠤᠯᠭ᠎ᠠ ᠬᠦᠮᠦᠵᠢᠯ ᠢᠶᠠᠷ ᠲᠠᠮᠵᠢᠭᠠᠳ᠂ ︽ᠭᠠᠵᠢᠭᠤ ᠨᠣᠮᠯᠠᠯ   ᠢ ᠡᠰᠡᠷᠭᠦᠴᠡᠬᠦ︾ ᠠᠵᠢᠯ   ᠢ ᠪᠥᠬᠦ ᠲᠠᠯ᠎ᠠ ᠪᠠᠷ ᠬᠦᠨᠵᠡᠬᠡᠶᠢᠷᠡᠬᠦᠯᠵᠦ᠂  ᠣᠯᠠᠨ ᠲᠦᠮᠡᠨ ᠢ ᠵᠢᠯᠤᠭᠤᠳᠤᠨ ᠰᠢᠨᠵᠢᠯᠡᠬᠦ ᠤᠬᠠᠭᠠᠨ ᠢ ᠢᠲᠡᠭᠡᠬᠦ᠂ ᠭᠠᠵᠢᠭᠤ ᠨᠣᠮᠯᠠᠯ ᠢ ᠡᠰᠡᠷᠭᠦᠴᠡᠬᠦ ᠪᠠᠲᠤ ᠴᠢᠩᠭ᠎ᠠ ᠢᠲᠡᠭᠡᠯ ᠵᠣᠷᠢᠭ ᠲᠠᠢ ᠪᠣᠯᠭᠠᠵᠤ᠂ ᠡᠶ᠎ᠡ ᠵᠣᠬᠢᠴᠠᠯ ᠲᠠᠢ ᠬᠥᠳᠡᠭᠡ ᠲᠣᠰᠬᠤᠨ   ᠢ ᠪᠠᠶᠢᠭᠤᠯᠬᠤ ᠳᠤ  ᠪᠠᠳᠤ ᠰᠠᠭᠤᠷᠢ ᠶᠢ ᠲᠠᠯᠪᠢᠬᠤ ᠪᠠᠷ ᠪᠠᠶᠢᠨ᠎ᠠ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号