8 ᠰᠠᠷ᠎ᠠ ᠶᠢᠨ 18 ᠤ ᠡᠳᠦᠷ᠂ ᠠᠶᠢᠮᠠᠭ ᠤᠨ ᠡᠳ᠋ ᠤᠨ ᠵᠠᠰᠠᠭ ᠤᠨ ᠲᠤᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠢᠯᠠᠭᠤ ᠵᠡᠷᠭᠡ ᠬᠦᠮᠦᠰ ᠴᠢᠶᠠᠨ ᠶᠢᠨ ᠭᠧᠦ ᠪᠠᠯᠭᠠᠰᠤᠨ ᠳᠤ | ᠬᠦᠨᠵᠡᠬᠡᠶᠢᠷᠡᠵᠦ ᠪᠠᠶᠢᠴᠠᠭᠠᠨ ᠰᠤᠳᠤᠯᠤᠯᠲᠠ ᠪᠠ ᠵᠢᠭᠠᠨ ᠵᠢᠯᠤᠭᠤᠳᠤᠯᠭ᠎ᠠ ᠬᠢᠵᠡᠢ᠃ ᠪᠠᠯᠭᠠᠰᠤᠨ ᠤ ᠨᠠᠮ ᠵᠠᠰᠠᠭ ᠤᠨ | ᠭᠤᠣᠯ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠪᠠᠶᠢᠴᠠᠭᠠᠨ ᠰᠤᠳᠤᠯᠬᠤ ᠲᠤᠭᠤᠶᠢᠯᠠᠩ | ᠤᠨ ᠬᠢᠨ ᠴᠢᠶᠠᠨ ᠶᠢᠨ ᠭᠧᠦ ᠪᠠᠯᠭᠠᠰᠤᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠦᠭᠵᠢᠯᠳᠡ᠂ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ | ᠵᠡᠷᠭᠡ ᠠᠵᠢᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠤᠶᠢᠯᠠᠭᠠᠨ᠂ ᠬᠦᠳᠡᠭᠡ ᠲᠤᠰᠬᠤᠨ ᠤ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠵᠡᠭᠡᠯᠢ ᠭᠤᠳᠤᠮᠵᠢ ᠶᠢᠨ ᠬᠠᠳᠠᠭᠤᠷᠠᠭᠤᠯᠤᠯᠳᠠ᠂ | ᠰᠣᠶᠣᠯ ᠵᠢᠭᠤᠯᠴᠢᠯᠠᠯ ᠤᠨ ᠪᠠᠶᠢᠭᠤᠯᠤᠯᠲᠠ ᠵᠢᠴᠢ ︽ ᠡᠳ᠋ ᠬᠦᠷᠦᠩᠭᠡ ᠡᠬᠢ ᠪᠠᠶᠠᠯᠢᠭ ᠪᠡᠯᠡ ᠮᠥᠩᠭᠦ ︾ ᠶᠢᠨ | ᠬᠠᠮᠢᠶᠠᠷᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠰᠠᠨ ᠵᠢᠶᠧ | ᠲᠣᠰᠬᠤᠨ ᠤ ᠲᠥᠮᠥᠰᠥ ᠲᠠᠷᠢᠬᠤ ᠲᠦᠷᠦᠯ ᠵᠦᠢᠯ ᠤᠨ ᠰᠠᠭᠤᠷᠢᠨ ᠭᠠᠵᠠᠷ᠂ ᠨᠠᠮ ᠤᠨ ᠭᠡᠰᠢᠬᠦᠨ ᠤᠯᠠᠨ ᠲᠦᠮᠡᠨ ᠳᠤ | ᠦᠢᠯᠡᠴᠢᠯᠡᠬᠦ ᠲᠥᠪ᠂ ᠳ᠋ᠠ ᠭᠧ ᠳ᠋ᠦᠩ ᠲᠣᠰᠬᠤᠨ ᠤ ᠨᠠᠮ ᠤᠨ ᠭᠡᠰᠢᠭᠦᠨ ᠤ ᠬᠦᠳᠡᠯᠪᠦᠷᠢ ᠠᠵᠢᠯᠯᠠᠭᠠᠨ ᠤ | ᠰᠠᠭᠤᠷᠢᠨ ᠭᠠᠵᠠᠷ ᠢ ᠲᠣᠭᠤᠷᠢᠨ ᠦᠵᠡᠭᠰᠡᠨ ᠪᠠᠶᠢᠨ᠎ᠠ᠃ ᠪᠠᠶᠢᠴᠠᠭᠠᠨ ᠰᠤᠳᠤᠯᠬᠤ ᠲᠤᠭᠤᠶᠢᠯᠠᠩ ᠤᠨ ᠬᠢᠨ ᠴᠢᠶᠠᠨ | ᠶᠢᠨ ᠭᠧᠦ ᠪᠠᠯᠭᠠᠰᠤᠨ ᠤ ᠬᠠᠮᠢᠶ᠎ᠠ ᠪᠦᠬᠦᠢ ᠠᠵᠢᠯ ᠢ ᠬᠦᠢᠴᠡᠳ ᠨᠤᠳᠠᠯᠠᠭᠰᠠᠨ ᠤ ᠬᠠᠮᠳᠤ᠂ ᠠᠵᠤ ᠦᠢᠯᠡᠰ ᠤᠨ | ᠬᠡᠪᠴᠢᠶ᠎ᠡ ᠬᠡᠮᠵᠢᠶ᠎ᠡ ᠪᠣᠯᠣᠨ ᠴᠢᠨᠠᠷ ᠴᠢᠨᠰᠠᠭ᠎ᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠪᠣᠳᠠᠲᠠᠢ ᠪᠠᠶᠢᠳᠠᠯ ᠢ ᠦᠨᠳᠦᠰᠦᠯᠡᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ | ᠤᠳᠤ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠠᠰᠢᠭᠯᠠᠨ᠂ ᠡᠯ᠎ᠡ ᠲᠦᠷᠦᠯ ᠤᠨ ᠠᠵᠤ ᠦᠢᠯᠡᠰ ᠤᠨ ᠲᠦᠷᠦᠯ | ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠤᠨ᠂ ᠳᠡᠭᠡᠳᠦ ᠱᠠᠲᠤᠨ ᠤ ᠪᠡᠯᠡ ᠮᠥᠩᠭᠦ ᠶᠢ ᠪᠦᠲᠦᠮᠵᠢᠲᠡᠢ ᠬᠡᠷᠡᠭᠯᠡᠵᠤ᠂ ᠠᠷᠠᠳ ᠤᠯᠠᠨ ᠳᠤ ᠨᠡᠩ ᠰᠠᠶᠢᠨ | ᠠᠮᠢᠳᠤᠷᠠᠯ ᠤᠨ ᠨᠥᠬᠦᠴᠡᠯ ᠢ ᠬᠠᠩᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ |