︽ᠨᠢᠭᠡ ᠳᠤᠭᠤᠯᠠᠭ᠎ᠠ ᠨᠢᠬᠡ ᠪᠦᠰᠡ︾  ᠶᠢᠨ ᠬᠠᠮᠢᠶᠠᠷᠤᠯᠳᠠ ᠶᠢ ᠴᠢᠩᠭᠠᠳᠬᠠᠵᠤ ᠰᠤᠷᠤᠯᠭ᠎ᠠ ᠡᠬᠢᠯᠡᠬᠦ ᠤᠯᠠᠷᠢᠯ ᠤᠨ ᠠᠮᠤᠷ ᠲᠦᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/8/24
   ︽ᠨᠢᠭᠡ ᠳᠤᠭᠤᠯᠠᠭ᠎ᠠ ᠨᠢᠬᠡ ᠪᠦᠰᠡ︾  ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠢ ᠴᠡᠭᠴᠡᠯᠡᠯᠳᠡ ᠶᠢ ᠦᠷᠭᠦᠯᠵᠢᠯᠡᠨ ᠠᠬᠢᠭᠤᠯᠵᠤ᠂  ᠠᠶᠤᠯᠬᠦᠢ ᠳᠤᠭᠤᠯᠠᠭ᠎ᠠ ᠡᠮᠦᠰᠬᠦ ᠨᠣᠷᠮ᠎ᠠ ᠶᠢ ᠳᠡᠭᠡᠭᠰᠢᠯᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠴᠠᠬᠢᠯᠭᠠᠨ ᠬᠥᠳᠡᠯᠭᠡᠭᠦᠷᠲᠦ ᠲᠤᠭᠤᠢ ᠤᠨᠤᠬᠤ ᠦᠶᠯᠡ ᠠᠵᠢᠯᠯᠠᠭ᠎ᠠ ᠶᠢ ᠲᠦᠷᠢᠮᠵᠢᠬᠦᠯᠬᠦ ᠶᠢᠨ ᠲᠥᠯᠥᠭᠡ᠂ ᠣᠶᠢᠷ᠎ᠠ ᠳᠤ ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ ᠨᠢ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠲᠠᠢ ᠬᠠᠮᠲᠤᠷᠠᠨ ᠪᠥᠬᠦ ᠬᠤᠰᠢᠭᠤᠨ ᠤ ᠬᠡᠪᠴᠢᠶᠡᠨ ᠳᠤ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠢᠶᠠᠷ ᠴᠠᠬᠢᠯᠭᠠᠨ ᠬᠥᠳᠡᠯᠭᠡᠭᠦᠷᠲᠦ ᠲᠤᠭᠤᠢ ᠤᠨᠤᠬᠤ  ︾ ᠲᠤᠰᠬᠠᠢ  ᠴᠡᠭᠴᠡᠯᠡᠯᠳᠡ ᠶᠢᠨ ᠠᠵᠢᠯᠯᠠᠭ᠎ᠠ ᠥᠷᠨᠢᠭᠦᠯᠪᠡ᠃  ᠵᠠᠮ ᠬᠠᠷᠢᠯᠴᠠᠭᠠᠨ ᠤ ᠴᠠᠭᠳᠠᠭ᠎ᠠ ᠨᠠᠷ ᠪᠦᠬᠦᠯᠢ 16 ᠨᠠᠰᠤ ᠬᠦᠷᠦᠭᠡᠳᠦᠢ ᠰᠤᠷᠤᠭᠴᠢᠳ ᠤᠨ ᠴᠠᠬᠢᠯᠭᠠᠨ ᠬᠥᠳᠡᠯᠭᠡᠭᠦᠷᠲᠦ ᠲᠤᠭᠤᠢ ᠤᠨᠤᠵᠤ ᠰᠤᠷᠭᠠᠭᠤᠯᠢ ᠳᠠᠭᠠᠨ ᠶᠠᠪᠤᠬᠤ᠂ ᠴᠠᠬᠢᠯᠭᠠᠨ ᠬᠥᠳᠡᠯᠭᠡᠭᠦᠷᠲᠦ  ᠲᠤᠭᠤᠢ ᠤᠨᠤᠬᠤ ᠳᠠᠭᠠᠨ ᠠᠮᠤᠷ ᠲᠦᠪᠰᠢᠨ ᠤ ᠳᠤᠭᠤᠯᠠᠭ᠎ᠠ ᠡᠮᠦᠰᠦᠭᠰᠡᠨ ᠦᠭᠡᠢ ᠵᠡᠷᠭᠡ ᠦᠵᠡᠭᠳᠡᠯ ᠳᠤ ᠴᠡᠭᠴᠡᠯᠡᠯᠳᠡ ᠬᠢᠵᠦ᠂ ᠰᠢᠭᠦᠮᠵᠢᠯᠡᠨ ᠰᠤᠷᠭᠠᠬᠤ᠂ ᠲᠤᠭᠤᠢ ᠲᠡᠷᠭᠡ ᠶᠢ ᠨᠢ ᠬᠤᠷᠢᠶᠠᠨ ᠠᠪᠬᠤ ᠵᠡᠷᠭᠡ ᠬᠠᠮᠢᠶ᠎ᠠ ᠪᠦᠬᠦᠢ ᠠᠷᠭ᠎ᠠ ᠬᠡᠮᠵᠢᠶ᠎ᠡ ᠪᠠᠷ ᠳᠠᠮᠵᠢᠨ᠂ ᠰᠤᠷᠤᠭᠴᠢᠳ ᠤᠨ ᠴᠠᠬᠢᠯᠭᠠᠨ ᠬᠥᠳᠡᠯᠭᠡᠭᠦᠷᠲᠦ ᠲᠤᠭᠤᠢ ᠤᠨᠤᠬᠤ ᠦᠶᠯᠡ ᠠᠵᠢᠯᠯᠠᠭ᠎ᠠ ᠶᠢ ᠪᠦᠲᠦᠮᠵᠢᠲᠡᠶ ᠲᠦᠷᠢᠮᠵᠢᠬᠦᠯᠵᠦ᠂  ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠭᠰᠠᠨ ᠪᠠᠶᠢᠨ᠎ᠠ᠃ ᠡᠨᠡ ᠤᠳᠠᠭᠠᠨ ᠤ ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯᠠᠪᠠᠷ ᠳᠠᠬᠢᠨᠲᠠ ᠰᠡᠷᠡᠮᠵᠢ ᠶᠢᠨ ᠳᠣᠬᠢᠶ᠎ᠠ ᠥᠭᠴᠦ᠂ ᠰᠤᠷᠤᠭᠴᠢᠳ ᠤᠨ ᠠᠮᠤᠷ ᠲᠦᠪᠰᠢᠨ᠂ ᠪᠣᠯᠪᠠᠰᠤᠨ ᠶᠤᠰᠤᠷᠬᠠᠭ ᠶᠠᠪᠤᠵᠤ ᠰᠠᠭᠤᠬᠤ ᠳᠠᠳᠬᠠᠯ ᠲᠠᠢ ᠪᠣᠯᠬᠤ ᠳᠤ ᠠᠬᠢᠭᠤᠯᠬᠤ ᠦᠢᠯᠡᠳᠦᠯ ᠦᠵᠡᠭᠦᠯᠪᠡ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号