ᠴᠢᠶᠠᠨ ᠶᠢᠨ ᠭᠧᠦ ᠪᠠᠯᠭᠠᠰᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠠᠶᠤᠯᠭᠦᠢ ᠦᠢᠯᠡᠳᠪᠦᠷᠢᠯᠡᠯ ᠪᠠ ᠶᠠᠰᠤ ᠴᠢᠨᠠᠷ ᠤᠨ ᠪᠠᠶᠢᠴᠠᠭᠠᠯᠳᠠ ᠬᠢᠭᠰᠡᠨ
ᠨᠡᠶᠢᠲᠡᠯᠡᠭᠰᠡᠨ ᠴᠠᠭ᠄
2023/8/24
   ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠤᠯᠠᠮ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠤᠰᠤᠯ ᠡ᠊ᠨᠳᠡᠯ ᠢ ᠡᠷᠡᠰ ᠰᠡᠷᠭᠡᠶᠢᠯᠡ᠊ ᠬᠤᠷᠢᠭᠯᠠᠬᠤ ᠶᠢᠨ ᠲᠦᠯᠦᠭᠡ᠂ 8 ᠰᠠᠷ᠎ᠠ ᠶᠢᠨ 22  ᠤᠨ ᠡᠳᠦᠷ ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠵᠠᠩ ᠰᠢᠩ ᠵᠦᠩ  ᠪᠠᠶᠢᠴᠠᠭᠠᠬᠤ ᠳᠤᠭᠤᠶᠢᠯᠠᠩ ᠲᠠᠭᠠᠭᠤᠯᠵᠤ᠂  ᠲᠸᠦ ᠬᠤᠤ ᠲᠣᠰᠬᠤᠨ ᠤ ᠲᠥᠮᠥᠰᠥ ᠬᠠᠳᠠᠭᠠᠯᠠᠬᠤ ᠵᠣᠭᠤᠷᠢ  ᠪᠠ  ᠯᠤᠤᠪᠠᠩ ᠤᠬᠢᠶᠠᠬᠤ ᠦᠢᠯᠡᠳᠪᠦᠷᠢ ᠶᠢᠨ ᠲᠠᠰᠤᠭ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠡᠢ᠃ ᠪᠠᠶᠢᠴᠠᠭᠠᠬᠤ ᠳᠤᠭᠤᠶᠢᠯᠠᠩ ᠤᠨ ᠬᠢᠨ ᠪᠠᠷᠢᠯᠭ᠎ᠠ ᠶᠢᠨ ᠭᠠᠵᠠᠷ ᠤᠨ ᠭᠠᠯ ᠴᠠᠬᠢᠯᠭᠠᠨ ᠬᠡᠷᠡᠭᠯᠡᠬᠦ᠂ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠪᠠ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ᠂ ᠪᠠᠷᠢᠯᠭ᠎ᠠ ᠶᠢᠨ ᠶᠠᠰᠤ ᠴᠢᠨᠠᠷ ᠪᠠ ᠨᠠᠷᠢᠨ ᠵᠦᠢᠯᠡᠰ ᠢ ᠲᠤᠬᠠᠢ ᠶᠢᠨ ᠭᠠᠵᠠᠷ ᠲᠤᠨᠢ ᠱᠠᠭᠠᠷᠳᠠᠨ ᠪᠠᠶᠢᠴᠠᠭᠠᠵᠤ᠂ ᠪᠠᠷᠢᠯᠭ᠎ᠠ ᠶᠢᠨ ᠨᠢᠭᠡᠴᠡ ᠶᠢ ᠡᠷᠭᠡᠪᠰᠢ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ᠂  ᠵᠠᠩᠭᠢᠯᠠᠭ᠎ᠠ ᠶᠢᠨ ᠴᠡᠭ ᠪᠠ ᠠᠶᠤᠯ ᠲᠠᠢ ᠭᠤᠭᠴᠤᠭᠠᠨ ᠤ ᠰᠡᠷᠭᠡᠶᠢᠯᠡᠯᠲᠡ ᠰᠡᠷᠡᠮᠵᠢᠯᠡᠭᠦᠯᠦᠯ ᠢ ᠰᠠᠶᠢᠨ ᠬᠢᠵᠦ᠂ ᠪᠠᠷᠢᠯᠭ᠎ᠠ ᠶᠢᠨ ᠠᠮᠤᠷ ᠲᠦᠪᠰᠢᠨ ᠢ ᠡᠷᠡᠰ ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠬᠠᠷᠢᠭᠤᠴᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ᠂ ᠮᠡᠷᠭᠡᠵᠢᠯ ᠤᠨ ᠪᠠᠷᠢᠮᠵᠢᠶ᠎ᠠ ᠵᠡᠷᠭᠡ ᠶᠢ ᠴᠢᠩᠭ᠎ᠠ ᠪᠠᠷᠢᠮᠳᠠᠯᠠᠨ᠂ ᠡᠯ᠎ᠡ ᠲᠦᠷᠦᠯ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ ᠬᠡᠷᠡᠭᠲᠡᠢ᠃  ᠭᠠᠯ ᠴᠠᠬᠢᠯᠭᠠᠨ ᠬᠡᠷᠡᠭᠯᠡᠬᠦ   ᠳᠡᠭᠡᠨ ᠠᠮᠤᠷ ᠲᠦᠪᠰᠢᠨ ᠢ ᠠᠩᠬᠠᠷᠴᠤ᠂ ᠪᠠᠷᠢᠯᠭ᠎ᠠ ᠶᠢᠨ ᠠᠵᠢᠯ ᠠᠴᠠ ᠪᠣᠯᠵᠤ ᠨᠤᠳᠤᠭ ᠪᠡᠯᠴᠢᠭᠡᠷ ᠲᠤ ᠭᠠᠯ ᠲᠦᠢᠮᠡᠷ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠡᠳᠬᠢᠯ ᠲᠠᠯᠪᠢᠨ  ᠰᠠᠶᠢᠲᠤᠷ ᠬᠡᠷᠡᠭᠵᠢᠭᠦᠯᠵᠦ᠂  ᠪᠠᠷᠢᠯᠭ᠎ᠠ ᠶᠢᠨ ᠠᠵᠢᠯ ᠢ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠬᠢᠵᠦ᠂ ᠨᠠᠷᠢᠨ ᠵᠦᠢᠯᠡᠰ ᠢ ᠴᠢᠬᠤᠯᠠᠴᠢᠯᠠᠨ᠂ ᠶᠠᠰᠤ ᠴᠢᠨᠠᠷ ᠢ ᠪᠠᠲᠤᠯᠠᠵᠤ᠂ ᠲᠦᠷᠦ ᠶᠢᠨ ᠪᠣᠳᠣᠯᠭ᠎ᠠ  ᠶᠢ ᠤᠬᠠᠭᠤᠯᠤᠨ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ  ᠬᠡᠷᠡᠭᠲᠡᠢ  ᠬᠡᠵᠦ ᠱᠠᠭᠠᠷᠳᠠᠭᠰᠠᠨ ᠪᠠᠶᠢᠨ᠎ᠠ᠃  
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号