ᠬᠦᠷ ᠪᠠᠶᠠᠷ ᠲᠠᠢ ᠶᠠᠪᠤᠭᠳᠠᠭᠰᠠᠨ ᠬᠦᠨᠳᠦᠳᠬᠡᠯ ᠲᠡᠪᠰᠢᠬᠦᠯᠬᠦ ᠠᠵᠢᠯᠯᠠᠭ᠎ᠠ
ᠨᠡᠶᠢᠲᠡᠯᠡᠭᠰᠡᠨ ᠴᠠᠭ᠄
2023/8/25
   ︽ᠥᠨᠥᠳᠥᠷ ᠪᠢ ᠭᠠᠯ ᠤᠨᠲᠠᠷᠠᠭᠠᠭᠴᠢ ᠠᠪᠠᠭ᠎ᠠ ᠨᠠᠷ ᠲᠤ ᠬᠦᠨᠳᠦᠳᠬᠡᠯ ᠳᠡᠪᠰᠢᠭᠦᠯᠬᠦ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠭᠠᠯ ᠤᠨᠲᠠᠷᠠᠭᠠᠭᠴᠢ ᠶᠢᠨ ᠲᠤᠬᠠᠶᠢᠯᠠᠭᠰᠠᠨ ᠠᠵᠢᠯ ᠳᠤ ᠪᠢ ᠨᠡᠩ ᠭᠦᠨ ᠰᠠᠭᠤᠭᠳᠠᠯ ᠲᠠᠢ ᠪᠣᠯᠪᠠ᠂ ᠭᠠᠯ ᠤᠨᠲᠠᠷᠠᠭᠠᠭᠴᠢ ᠠᠪᠠᠭ᠎ᠠ ᠨᠠᠷ ᠪᠢᠳᠡᠨ ᠤ ᠠᠮᠤᠷ ᠲᠦᠪᠰᠢᠨ ᠢ ᠢᠩᠭᠢᠵᠦ ᠬᠠᠮᠠᠭᠠᠯᠠᠳᠠᠭ ᠶᠤᠮ ᠪᠠᠶᠢᠨ᠎ᠠ᠂ ᠮᠢᠨᠤ ᠦᠵᠡᠬᠦ ᠪᠠᠷ ᠲᠡᠳᠡ ᠪᠤᠯ ᠮᠠᠰᠢ ᠠᠭᠤᠤ ᠬᠦᠮᠦᠰ ᠡ︾  ᠭᠡᠵᠦ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠷᠧᠨ ᠰᠢᠨ ᠷᠦᠢ ᠰᠡᠳᠬᠢᠯ ᠲᠤᠭᠳᠤᠯᠤᠨ  ᠶᠠᠷᠢᠨ᠎ᠠ᠃     8 ᠰᠠᠷ᠎ᠠ ᠶᠢᠨ 24 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠠᠶᠢᠹᠤᠰᠧ ᠬᠤᠰᠢᠭᠤᠨ ᠤ ᠬᠤᠷᠢᠶ᠎ᠠ ᠨᠢ ︽ᠤᠯᠠᠭᠠᠨ ᠪᠦᠴᠡᠲᠡᠨ ᠠᠴᠠ ᠭᠠᠯ ᠤᠨᠳᠠᠷᠠᠭᠠᠭᠴᠢ︾   ᠳᠤ ᠬᠦᠨᠳᠦᠳᠬᠡᠯ ᠳᠡᠪᠰᠢᠭᠦᠯᠬᠦ ᠵᠠᠯᠠᠭᠤᠴᠤᠳ ᠪᠠᠭᠠᠴᠤᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠤᠨ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ  ᠦᠷᠨᠢᠬᠦᠯᠵᠡᠢ᠃  ᠠᠵᠢᠯᠯᠠᠭᠠᠨ ᠤ ᠳᠤᠮᠳᠠ᠂ ᠪᠤᠤᠴᠠᠩ ᠬᠤᠶᠠᠳᠤᠭᠠᠷ ᠪᠠᠭ᠎ᠠ ᠰᠤᠷᠭᠠᠭᠤᠯᠢ ᠶᠢᠨ 50 ᠭᠠᠷᠤᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠬᠤᠰᠢᠭᠤᠨ ᠤ ᠭᠠᠯ ᠤᠨᠲᠠᠷᠠᠭᠠᠬᠤ ᠶᠡᠭᠡ ᠠᠩᠭᠢ ᠳᠤ ᠬᠦᠷᠴᠦ᠂  ᠭᠠᠯ ᠤᠨᠲᠠᠷᠠᠭᠠᠬᠤ ᠲᠡᠷᠭᠡ᠂ ᠭᠠᠯ  ᠤᠨᠳᠠᠷᠠᠭᠠᠬᠤ ᠪᠠᠭᠠᠵᠢ ᠭᠡᠷᠡᠭᠰᠡᠯ ᠵᠡᠷᠭᠡ ᠶᠢ ᠲᠣᠭᠤᠷᠢᠨ ᠦᠵᠡᠭᠰᠡᠨ ᠪᠦᠭᠡᠳ ᠭᠠᠯ ᠤᠨᠲᠠᠷᠠᠭᠠᠭᠴᠢ ᠠᠵᠢᠯᠳᠠᠨ ᠠᠴᠠ  ᠲᠡᠳᠡᠨ ᠳᠤ ᠴᠠᠬᠢᠯᠭᠠᠨ ᠬᠢᠷᠦᠭᠡ ᠂ ᠬᠠᠶᠢᠴᠢ ᠵᠠᠭᠤᠳᠠᠭ ᠵᠡᠷᠭᠡ ᠠᠪᠤᠷᠠᠨ ᠲᠤᠰᠠᠯᠠᠬᠤ ᠳᠤ ᠭᠡᠷᠡᠭᠯᠡᠬᠦ ᠪᠠᠭᠠᠵᠢ  ᠭᠡᠷᠡᠭᠰᠡᠯ ᠤᠨ ᠶᠠᠭᠠᠬᠢᠵᠤ ᠵᠠᠷᠤᠵᠤ ᠭᠡᠷᠡᠭᠯᠡᠬᠦ ᠶᠢ ᠬᠢᠵᠦ ᠦᠵᠡᠬᠦᠯᠦᠭᠡᠳ᠂ ᠤᠯᠠᠨ ᠪᠦᠴᠡᠳᠡᠳ ᠤᠨ ᠠᠩᠬᠠᠷᠤᠯ ᠢ ᠶᠡᠬᠡᠳᠡ ᠲᠠᠳᠠᠭᠰᠠᠨ ᠪᠠᠶᠢᠯ᠎ᠠ᠃  ᠠᠬᠤᠢ ᠲᠠᠯᠠᠪᠠᠢ ᠳᠤ᠂ ᠭᠠᠯ ᠤᠨᠲᠠᠷᠠᠭᠠᠭᠴᠢ ᠠᠴᠠ ᠪᠠᠰᠠ ᠡᠯ᠎ᠡ ᠲᠦᠷᠦᠯ ᠤᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠤᠨ ᠬᠡᠷᠡᠭᠴᠡᠭᠡ ᠶᠢ ᠲᠠᠶᠢᠯᠪᠤᠷᠢᠯᠠᠵᠤ᠂ ᠬᠡᠦᠬᠡᠳ ᠤᠳ ᠬᠠᠮᠠᠭᠠᠯᠠᠯᠳᠠ ᠶᠢᠨ ᠬᠤᠪᠴᠠᠰᠤ ᠬᠤᠨᠠᠷ ᠮᠠᠯᠠᠭᠠᠢ ᠭᠤᠳᠤᠯ ᠵᠡᠷᠭᠡ ᠶᠢ ᠲᠤᠷᠰᠢᠨ ᠡᠮᠦᠰᠴᠦ᠂  ᠪᠡᠶ᠎ᠡ ᠪᠠᠷ ᠢᠶᠠᠨ ︽ᠪᠢᠴᠢᠬᠠᠨ ᠭᠠᠯ ᠤᠨᠲᠠᠷᠠᠭᠠᠭᠴᠢ︾   ᠶᠢᠨ ᠲᠦᠷᠢ ᠶᠢ  ᠲᠤᠭᠯᠠᠵᠤ ᠭᠠᠷᠤᠯ᠎ᠠ᠃ ᠠᠵᠢᠯᠯᠠᠭᠠᠨ ᠤ ᠳᠤᠮᠳᠠ᠂ ᠬᠡᠦᠬᠡᠳ ᠤᠳ ᠪᠠᠰᠠ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠤᠨᠢᠷᠬᠠᠭᠰᠠᠨ ᠪᠦᠭᠡᠳ ᠭᠠᠯ ᠤᠨᠲᠠᠷᠠᠭᠠᠭᠴᠢ ᠠᠪᠠᠭ᠎ᠠ ᠨᠠᠷ ᠲᠠᠭᠠᠨ ᠤᠯᠠᠭᠠᠨ ᠪᠦᠴᠡ ᠵᠡᠭᠦᠯᠭᠡᠵᠦ᠂ ᠬᠠᠮᠤᠭ ᠤᠨ ᠭᠤᠶᠣ ᠬᠤᠰᠢᠭᠤᠴᠢ ᠠᠩᠭᠢ ᠶᠢᠨ ᠶᠤᠰᠤ ᠪᠠᠷ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠲᠡᠪᠰᠢᠬᠦᠯᠦᠭᠰᠡᠨ ᠪᠠᠶᠢᠨ᠎ᠠ᠃     ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠯᠢ ᠲᠢᠶᠠᠨ ᠷᠦᠢ᠄ ︽ᠡᠨᠡ ᠤᠳᠠᠭᠠᠨ ᠤ ᠠᠵᠢᠯᠯᠠᠭ᠎ᠠ ᠳᠤ ᠤᠷᠤᠯᠴᠠᠭᠠᠳ ᠮᠠᠰᠢ ᠪᠠᠶᠠᠷ ᠲᠠᠢ ᠪᠠᠶᠢᠨ᠎ᠠ᠂ ᠭᠠᠯ ᠤᠨᠲᠠᠷᠠᠭᠠᠭᠴᠢ ᠠᠪᠠᠭ᠎ᠠ ᠶᠢᠨ ᠶᠠᠳᠠᠷᠠᠯ ᠵᠦᠳᠡᠷᠡᠯ ᠢ  ᠨᠢᠳᠦ ᠪᠠᠷ ᠢᠶᠠᠨ ᠬᠠᠷᠠᠵᠤ ᠤᠶᠢᠯᠠᠭᠠᠭᠰᠠᠨ᠂  ᠬᠤᠶᠢᠰᠢᠳᠠ ᠪᠢ  ᠤᠯᠠᠮ ᠢᠯᠡᠬᠦᠦ ᠴᠢᠷᠮᠠᠶᠢᠨ ᠰᠤᠷᠤᠯᠴᠠᠵᠤ᠂ ᠨᠡᠶᠢᠭᠡᠮ ᠨᠡᠶᠢᠳᠡ ᠳᠤ ᠬᠤᠪᠢ ᠨᠡᠮᠡᠷᠢ ᠦᠵᠡᠭᠦᠯᠦᠭᠰᠡᠨ ᠰᠠᠶᠢᠨ ᠬᠥᠮᠥᠨ ᠪᠤᠯᠤᠨ᠎ᠠ︾᠃      ᠡᠨᠡ ᠤᠳᠠᠭᠠᠨ ᠤ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠳᠤ ᠬᠡᠦᠬᠡᠳ ᠤᠳ ᠨᠢᠳᠦ ᠪᠠᠷ ᠢᠶᠠᠨ ᠦᠵᠡᠵᠦ᠂ ᠪᠡᠶ᠎ᠡ ᠪᠠᠷ ᠢᠶᠠᠨ ᠤᠶᠢᠯᠠᠭᠠᠬᠤ ᠪᠠᠷ ᠲᠠᠮᠵᠢᠭᠠᠳ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠵᠢᠴᠢ ᠠᠮᠤᠷ ᠲᠦᠪᠰᠢᠨ ᠤ ᠮᠡᠳᠡᠯᠭᠡ ᠶᠢ ᠨᠠᠩ ᠦᠨᠡᠨ ᠪᠣᠳᠠᠲᠠᠢ᠂ ᠨᠠᠩ ᠪᠥᠬᠦ ᠲᠠᠯ᠎ᠠ ᠪᠠᠷ ᠣᠶᠢᠯᠠᠭᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠢ ᠴᠢᠬᠤᠯᠠᠴᠢᠯᠠᠬᠤ ᠤᠬᠠᠮᠰᠠᠷ ᠲᠠᠨᠢᠯᠳᠠ ᠲᠠᠢ ᠪᠤᠯᠵᠤ᠂ ᠭᠠᠯ ᠤᠨ ᠠᠶᠤᠯ ᠠᠴᠠ ᠥᠪᠡᠰᠦᠪᠡᠨ ᠰᠡᠷᠭᠡᠶᠢᠯᠡᠵᠦ ᠥᠪᠡᠰᠦᠪᠡᠨ ᠠᠪᠤᠷᠠᠬᠤ ᠦᠢᠯᠡᠳᠦᠯᠭᠡ ᠶᠢᠨ ᠴᠢᠳᠠᠪᠤᠷᠢ  ᠪᠠᠨ ᠴᠢᠩᠭᠠᠳᠬᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号